ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠣᠶᠠᠳᠤᠭ᠋ᠠᠷ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ 《ᠤᠳᠤᠷᠢᠳᠤᠭᠴᠢ ᠵᠢᠨ ᠤᠯᠠ ᠮᠥᠷ᠎ᠢ ᠮᠥᠷᠳᠡᠵᠦ ᠠᠮᠢ ᠠᠬᠤᠢ ᠵᠢᠨ ᠬᠠᠮᠠᠭ᠋ᠠᠯᠠᠯᠲᠠ ᠵᠢᠨ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-11-29

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠴᠢᠨᠠᠷ ᠰᠠᠢ᠌ᠲᠠᠢ ᠥᠷᠨᠢᠭᠦᠯᠬᠦ ᠵᠢ ᠠᠬᠢᠭᠤᠯᠬᠤ ᠵᠢᠨ ᠲᠤᠰᠠᠳᠠ᠂ 11 ᠰᠠᠷ᠎ᠠ ᠵᠢᠨ 6᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠬᠣᠶᠠᠳᠤᠭ᠋ᠠᠷ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ᠎ᠤᠨ ᠨᠠᠮ᠎ᠤᠨ ᠭᠡᠰᠢᠭᠦᠨ ᠺᠠᠳ᠋ᠷᠴᠤᠳ  ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠨ ᠪᠠᠢ᠌ᠴᠠᠭ᠋ᠠᠭᠰᠠᠨ ᠤᠯᠠ ᠮᠥᠷ᠎ᠢ ᠮᠥᠷᠳᠡᠵᠦ᠂ ᠤᠯᠠᠭ᠋ᠠᠨᠬᠠᠳᠠ ᠬᠤᠳᠠ ᠵᠢᠨ ᠬᠠᠷᠠᠴᠢᠨ ᠬᠣᠰᠢᠭᠤᠨ᠎ᠤ ᠡᠮᠡᠭᠡᠯ ᠠᠭᠤᠯᠠ ᠤᠢ ᠰᠢᠭᠤᠢ ᠵᠢᠨ ᠲᠠᠯᠠᠪᠠᠢ᠎ᠳᠤ ᠬᠦᠷᠴᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ 《ᠡᠨᠡᠬᠦ ᠬᠥᠬᠡᠮᠳᠦᠭ ᠨᠣᠭᠣᠭ᠋ᠠᠨ᠂ ᠡᠨᠡᠬᠦ ᠴᠡᠪᠡᠷ ᠴᠡᠮᠴᠡᠭᠡᠷ᠎ᠢ ᠰᠠᠶ᠋ᠢᠲᠤᠷ ᠰᠠᠬᠢᠬᠤ᠎ᠳᠤ᠂ ᠠᠮᠢ ᠠᠬᠤᠢ ᠵᠢ  ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ》 ᠭᠡᠰᠡᠨ ᠴᠢᠩ ᠰᠡᠳᠬᠢᠯ᠎ᠤᠨ ᠨᠠᠢ᠌ᠳᠠᠯᠭ᠎ᠠ ᠵᠢ ᠡᠷᠭᠢᠴᠡᠭᠦᠯᠵᠦ᠂ ᠬᠠᠷᠠᠴᠢᠨ ᠬᠣᠰᠢᠭᠤᠨ᠎ᠤ ᠤᠢ ᠰᠢᠭᠤᠢ ᠵᠢᠨ ᠠᠵᠢᠯᠲᠠᠳ᠎ᠤᠨ ᠠᠮᠢ ᠠᠬᠤᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠲᠥᠯᠥᠭᠡ ᠦᠶ᠎ᠡ ᠵᠢᠨ ᠦᠶ᠎ᠡ᠎ᠳᠡᠭᠡᠨ ᠦᠷᠭᠦᠯᠵᠢᠯᠡᠨ ᠲᠡᠮᠡᠴᠡᠭᠰᠡᠨ 《ᠰᠠᠬᠢᠨ ᠬᠠᠮᠠᠭ᠋ᠠᠯᠠᠭᠴᠢ》 ᠵᠢᠨ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠪᠠ᠃

      ᠲᠤᠰ ᠤᠳᠠᠭ᠋ᠠᠨ᠎ᠤ ᠪᠣᠳᠠᠲᠠᠢ ᠠᠵᠢᠯᠯᠠᠭ᠎ᠠ ᠵᠢᠨ ᠰᠤᠷᠤᠯᠴᠠᠯᠭ᠎ᠠ᠎ᠪᠠᠷ ᠤᠯᠠᠨ ᠵᠶ᠋ᠠᠷ ᠵᠶ᠋ᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠨᠡᠩ ᠭᠦᠨᠵᠡᠭᠡᠢ ᠣᠢ᠌ᠯᠠᠭ᠋ᠠᠪᠠ᠃ ᠨᠡᠩ ᠴᠤ᠌ ᠲᠤᠰ ᠤᠳᠠᠭ᠋ᠠᠨ᠎ᠤ ᠰᠤᠷᠤᠯᠴᠠᠯᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠠᠷᠢᠭᠤᠴᠠᠯᠭ᠋ᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠦᠢ᠍ᠯᠡᠳᠦᠯᠭᠡᠵᠢᠭᠦᠯᠵᠦ᠂ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠦᠨᠡᠨ ᠬᠦ᠌ ᠨᠢᠭᠲᠠ ᠤᠶᠠᠯᠳᠤᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠥᠪᠥᠷ ᠮᠣᠩᠭᠣᠯ᠎ᠤᠨ ᠬᠥᠬᠡ ᠲᠡᠭᠷᠢ ᠴᠠᠭ᠋ᠠᠨ ᠡᠭᠦᠯᠡ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠰᠠᠶ᠋ᠢᠲᠤᠷ ᠰᠠᠬᠢᠨ ᠬᠠᠮᠠᠭ᠋ᠠᠯᠠᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠳᠡᠭ᠎ᠲᠤ ᠭᠦᠨ ᠣᠢ᠌ᠯᠠᠭ᠋ᠠᠯᠲᠠ᠎ᠲᠠᠢ ᠪᠣᠯᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠤᠷᠪᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠦᠵᠡᠰᠬᠦᠯᠡᠩᠲᠦ ᠰᠠᠢ᠌ᠬᠠᠨ ᠥᠪᠥᠷ ᠮᠣᠩᠭᠣᠯ ᠵᠶ᠋ᠠᠨ ᠪᠦᠲᠦᠭᠡᠨ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ᠎ᠬᠢᠨ ᠬᠣᠭ ᠨᠣᠪᠰᠢ ᠵᠢ ᠰᠢᠲᠠᠭ᠋ᠠᠵᠤ ᠬᠠᠶᠠᠭᠳᠠᠮᠠᠯ ᠡᠳ᠋᠎ᠢ ᠬᠡᠷᠬᠢᠨ ᠡᠷᠳᠡᠨᠢ ᠪᠣᠯᠭ᠋ᠠᠬᠤ ᠲᠤᠬᠠᠢ ᠨᠢᠭᠤᠴᠠ ᠵᠢ ᠬᠠᠢ᠌ᠨ ᠰᠢᠨᠵᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢ ᠤᠯᠠᠨ ᠨᠠᠢ᠌ᠳᠠ᠎ᠳᠤ ᠴᠢᠯᠦᠭᠡᠲᠡᠢ ᠨᠡᠭᠡᠭᠡᠬᠦ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠤᠯᠠᠭ᠋ᠠᠨᠴᠠᠪ ᠬᠤᠳᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠰᠠᠢ᠍ᠢ᠍ᠨ ᠳᠤᠷ᠎ᠠ ᠵᠢᠨ ᠤᠬᠠᠭᠤᠯᠭ᠎ᠠ ᠲᠠᠢ᠌ᠯᠤᠮᠵᠢ ᠬᠢᠪᠡ
ᠰᠣᠷᠢᠯᠲᠠ᠎ᠪᠠᠷ 《ᠪᠠᠢ᠌ᠯᠳᠤᠭ᠋ᠠᠨ》᠎ᠢ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠪᠡ
ᠬᠥᠬᠡᠬᠣᠲᠠ ᠬᠢᠭᠡᠳ ᠤᠯᠠᠭ᠋ᠠᠨᠴᠠᠪ ᠬᠣᠲᠠ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
 
             蒙ICP备05000248号