ᠭᠠᠨᠰᠤ ᠮᠤᠵᠢ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠮᠤᠵᠢ ᠵᠢᠨ ᠳᠠᠷᠤᠭ᠎ᠠ ᠷᠧᠨ ᠵᠧᠨ ᠾᠧ ᠲᠦᠷᠦᠭᠦᠬᠡᠨ ᠵᠠᠩ ᠶᠧ ᠬᠣᠲᠠ᠎ᠳᠤ ᠬᠦᠷᠴᠦ ᠴᠢ ᠯᠢᠶᠠᠨ ᠱᠠᠨ ᠠᠭᠤᠯᠠᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ᠃ ᠲᠡᠷᠡ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠠᠭᠤᠯᠠ ᠤᠰᠤ ᠤᠢ ᠮᠣᠳᠣ ᠲᠠᠷᠢᠶ᠎ᠠ ᠲᠥᠮᠥᠰᠥ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ ᠪᠠᠢ᠌ᠩᠭᠤ ᠵᠢᠨ ᠪᠠ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠠᠭ᠋ᠠᠯᠠᠯᠲᠠ ᠵᠢ ᠰᠠᠶ᠋ᠢᠲᠤᠷ ᠠᠳᠬᠤᠵᠤ᠂ ᠴᠢ ᠯᠢᠶᠠᠨ ᠱᠠᠨ ᠠᠭᠤᠯᠠ ᠵᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠨᠢᠳᠦᠨ ᠴᠡᠴᠡᠭᠡᠢ᠎ᠪᠠᠨ ᠬᠠᠮᠠᠭ᠋ᠠᠯᠠᠬᠤ ᠰᠢᠭ᠋ ᠵᠶ᠋ᠡᠷ 《ᠡᠵᠢ ᠠᠭᠤᠯᠠ》 ᠵᠢ ᠬᠠᠮᠠᠭ᠋ᠠᠯᠠᠵᠤ᠂ ᠠᠮᠢ ᠠᠬᠤᠢ ᠣᠷᠴᠢᠨ ᠲᠣᠭᠣᠷᠢᠨ᠎ᠤ 《ᠠᠮᠢ ᠨᠠᠰᠤᠨ᠎ᠤ ᠱᠤᠭᠤᠮ》 ᠢ ᠪᠠᠲᠤ ᠰᠠᠬᠢᠵᠤ᠂ ᠤᠯᠤᠰ᠎ᠤᠨ ᠪᠠᠷᠠᠭᠤᠨ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠴᠣᠭᠴᠠᠯᠠᠬᠤ ᠬᠡᠷᠡᠭᠳᠡᠢ ᠭᠡᠵᠦ ᠴᠢᠬᠤᠯᠠᠴᠢᠯᠠᠪᠠ᠃
ᠰᠦᠨᠠᠨ ᠰᠢᠶᠠᠨ᠎ᠤ ᠳ᠋ᠠ ᠾᠧ ᠰᠢᠶᠠᠩ᠎ᠤᠨ ᠰᠢ ᠴᠠ ᠾᠧ ᠲᠣᠰᠬᠤᠨ᠂ ᠲᠣᠷᠤᠭ ᠪᠤᠭᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠪᠣᠯᠣᠨ ᠪᠠᠷᠰ ᠴᠠᠰᠤᠲᠤ ᠠᠭᠤᠯᠠᠨ᠎ᠳᠤ᠂ ᠷᠧᠨ ᠵᠧᠨ ᠾᠧ ᠴᠢ ᠯᠢᠶᠠᠨ ᠱᠠᠨ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠂ ᠠᠵᠤ ᠦᠢ᠍ᠯᠡᠰ᠎ᠤᠨ ᠬᠦᠷᠢᠶᠡᠯᠡᠩ᠎ᠤᠨ ᠡᠵᠡᠩᠨᠡᠯᠲᠡ ᠪᠣᠯᠣᠨ ᠣᠨᠴᠠᠯᠢᠭᠲᠤ ᠪᠠᠯᠭ᠋ᠠᠰᠤᠨ᠎ᠤ ᠬᠥᠭᠵᠢᠯᠲᠡ ᠵᠡᠷᠭᠡ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠪᠡ᠃
ᠷᠧᠨ ᠵᠧᠨ ᠾᠧ᠂ ᠰᠢᠰᠲ᠋ᠧᠮᠲᠦ ᠦᠵᠡᠯᠲᠡ᠎ᠪᠠᠨ ᠪᠠᠷᠢᠮᠲᠠᠯᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠠᠮᠢ ᠠᠬᠤᠢ ᠵᠢᠨ ᠰᠢᠰᠲ᠋ᠧᠮ᠎ᠤᠨ ᠪᠦᠲᠦᠴᠡ ᠪᠠ ᠴᠢᠳᠠᠮᠵᠢ᠂ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠢᠴᠢ ᠭᠣᠣᠯ ᠤᠰᠤᠨ ᠰᠤᠷᠪᠤᠯᠵᠢ ᠵᠢᠨ ᠣᠷᠣᠨ᠎ᠢ ᠮᠥᠷᠳᠡᠨ ᠬᠢᠨᠠᠨ ᠬᠡᠮᠵᠢᠬᠦ᠎ᠪᠠᠨ ᠴᠢᠩᠭ᠋ᠠᠳᠬᠠᠵᠤ᠂ ᠴᠢ ᠯᠢᠶᠠᠨ ᠱᠠᠨ ᠠᠭᠤᠯᠠ ᠵᠢᠨ ᠠᠮᠢ ᠠᠬᠤᠢ ᠵᠢᠨ ᠰᠢᠰᠲ᠋ᠧᠮ᠎ᠤᠨ ᠬᠤᠪᠢᠷᠠᠯᠲᠠ ᠵᠢᠨ ᠵᠢᠮ᠎ᠡ ᠶᠣᠰᠣ ᠵᠢ ᠣᠨᠣᠪᠴᠢᠲᠠᠢ ᠡᠵᠡᠮᠰᠢᠵᠦ᠂ ᠴᠢ ᠯᠢᠶᠠᠨ ᠱᠠᠨ ᠠᠭᠤᠯᠠ ᠵᠢᠨ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠵᠤ᠂ ᠪᠥᠬᠥ ᠭᠠᠵᠠᠷ ᠣᠷᠣᠨ᠂ ᠪᠥᠬᠥ ᠲᠠᠯ᠎ᠠ᠂ ᠪᠥᠬᠥ ᠶᠠᠪᠤᠴᠠ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠂ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ᠎ᠢ ᠬᠦᠴᠦᠯᠡᠨ ᠲᠡᠭᠡᠭᠰᠢᠯᠡᠬᠦᠯᠬᠦ ᠬᠡᠷᠡᠭᠲᠡᠢ᠃ ᠴᠢᠩᠭ᠎ᠠ ᠬᠢᠵᠠᠭ᠋ᠠᠷᠯᠠᠯ᠎ᠢ ᠴᠢᠩᠭ᠋ᠠᠳᠬᠠᠵᠤ᠂ ᠴᠢ ᠯᠢᠶᠠᠨ ᠱᠠᠨ ᠠᠭᠤᠯᠠᠨ᠎ᠤ ᠠᠮᠢ ᠠᠬᠤᠢ ᠣᠷᠴᠢᠨ ᠲᠣᠭᠣᠷᠢᠨ᠎ᠢ ᠡᠪᠳᠡᠭᠰᠡᠨ ᠠᠰᠠᠭᠤᠳᠠᠯ᠎ᠠᠴᠠ ᠭᠦᠨᠵᠡᠭᠡᠢ ᠰᠤᠷᠭ᠋ᠠᠮᠵᠢ ᠠᠪᠴᠤ᠂ ᠰᠡᠷᠡᠮᠵᠢ ᠵᠢᠨ ᠬᠤᠩᠬᠤ ᠵᠢ ᠪᠠᠢ᠌ᠩᠭᠤ ᠳᠤᠤᠭ᠋ᠠᠷᠭ᠋ᠠᠵᠤ᠂ ᠨᠢᠭᠡ᠎ᠠᠴᠠ ᠨᠥᠬᠥᠭᠡ ᠵᠢ ᠵᠦᠢ᠍ᠴᠢᠯᠡᠵᠦ᠂ ᠬᠠᠮᠤᠭ᠎ᠤᠨ ᠴᠢᠩᠭ᠎ᠠ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠬᠤ᠂ ᠬᠠᠮᠤᠭ᠎ᠤᠨ ᠴᠢᠩᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠬᠦ ᠵᠡᠷᠭᠡ ᠵᠢ ᠴᠢ ᠯᠢᠶᠠᠨ ᠱᠠᠨ᠎ᠤ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢᠨ ᠪᠦᠬᠦ ᠶᠠᠪᠤᠴᠠ᠎ᠳᠤ ᠠᠭᠤᠰᠤᠯᠴᠠᠭᠤᠯᠵᠤ᠂ ᠳᠦᠷᠢᠮ᠎ᠤᠨ ᠰᠢᠰᠲ᠋ᠧᠮ ᠪᠣᠯᠣᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢᠨ ᠪᠠᠲᠤᠯᠠᠭ᠎ᠠ ᠵᠢ ᠳᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢᠵᠢᠯ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭ᠋ᠠᠨ ᠮᠡᠷᠭᠡᠵᠢᠯ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠰᠠᠶ᠋ᠢᠲᠤᠷ ᠠᠳᠬᠤᠵᠤ᠂ ᠠᠮᠢ ᠠᠬᠤᠢ ᠵᠢᠨ ᠬᠦᠷᠢᠶᠡᠨ᠎ᠤ ᠳᠦᠷᠢᠮ᠎ᠤᠨ ᠳᠠᠪᠠᠭᠤᠯᠢᠭ᠎ᠢ ᠦᠨᠡᠨᠬᠦ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ 《ᠥᠨᠳᠥᠷ ᠦᠨ᠎ᠡ ᠥᠷᠲᠡᠭ᠎ᠲᠠᠢ》 ᠪᠠᠶ᠋ᠢᠬᠤ ᠪᠠ ᠣᠷᠣᠨ ᠨᠤᠲᠤᠭ᠎ᠤᠨ ᠬᠥᠭᠵᠢᠯᠲᠡ ᠵᠢᠨ 《ᠥᠨᠳᠥᠷ ᠬᠡᠪ ᠪᠣᠯᠪᠠᠰᠤᠷᠠᠯ᠎ᠲᠠᠢ》 ᠪᠠᠶ᠋ᠢᠬᠤ ᠵᠢᠨ ᠬᠠᠮᠲᠤ᠎ᠪᠠᠷ ᠤᠷᠤᠭᠰᠢᠯᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠡᠬᠢ ᠪᠠᠶᠠᠯᠢᠭ᠎ᠤᠨ ᠳᠠᠪᠠᠭᠤᠯᠢᠭ ᠪᠠ ᠣᠷᠣᠨ ᠨᠤᠲᠤᠭ᠎ᠤᠨ ᠥᠪᠡᠷᠮᠢᠴᠡ ᠵᠠᠩ ᠦᠢ᠍ᠯᠡ᠎ᠳᠤ ᠰᠠᠭᠤᠷᠢᠯᠠᠨ᠂ ᠠᠮᠢ ᠠᠬᠤᠢ ᠵᠢᠨ ᠳᠠᠭ᠋ᠠᠭ᠋ᠠᠴᠠ᠂ ᠠᠶᠠᠨᠳᠠᠭ᠋ᠠᠨ ᠰᠡᠷᠭᠦᠬᠦ ᠬᠦᠴᠦᠨ᠎ᠢ ᠭᠦᠢ᠍ᠴᠡᠳ ᠪᠣᠳᠣᠯᠬᠢᠯᠠᠨ᠂ ᠠᠮᠢ ᠠᠬᠤᠢ ᠵᠢᠨ ᠵᠢᠭᠤᠯᠴᠢᠯᠠᠯ᠎ᠢ ᠬᠥᠭᠵᠢᠭᠦᠯᠬᠦ ᠪᠠ ᠠᠮᠢ ᠠᠬᠤᠢ ᠵᠢᠨ ᠣᠷᠴᠢᠨ ᠨᠥᠬᠥᠴᠡᠯ᠎ᠢ ᠬᠠᠮᠠᠭ᠋ᠠᠯᠠᠬᠤ ᠵᠢᠨ ᠬᠠᠷᠢᠴᠠᠭ᠎ᠠ ᠵᠢ ᠵᠥᠪ ᠵᠶ᠋ᠡᠷ ᠰᠢᠢ᠍ᠳᠪᠦᠷᠢᠯᠡᠵᠦ᠂ ᠬᠥᠭᠵᠢᠭᠦᠯᠬᠦ ᠵᠢᠨ ᠳᠤᠮᠳᠠ ᠬᠠᠮᠠᠭ᠋ᠠᠯᠠᠵᠤ᠂ ᠬᠠᠮᠠᠭ᠋ᠠᠯᠠᠬᠤ ᠵᠢᠨ ᠳᠤᠮᠳᠠ ᠬᠥᠭᠵᠢᠭᠦᠯᠵᠦ᠂ ᠦᠨᠡᠨᠬᠦ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠡᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠵᠤ᠂ ᠠᠮᠢ ᠠᠬᠤᠢ ᠵᠢᠨ ᠬᠠᠮᠠᠭ᠋ᠠᠯᠠᠯᠲᠠ᠂ ᠪᠣᠬᠢᠷᠲᠤᠯ ᠦᠭᠡᠢ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ ᠵᠢ ᠬᠠᠷᠢᠯᠴᠠᠨ ᠨᠢᠭᠡᠳᠬᠡᠬᠦ ᠵᠢ ᠪᠡᠶᠡᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃