ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠰᠣᠷᠢᠯᠲᠠ᠎ᠪᠠᠷ 《ᠪᠠᠢ᠌ᠯᠳᠤᠭ᠋ᠠᠨ》᠎ᠢ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠪᠡ
ᠨᠡᠶ᠋ᠢᠲᠡᠯᠡᠭᠰᠡᠨ ᠴᠠᠭ᠄ 2024-12-06

      ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠰᠢᠨᠵᠢᠯᠡᠬᠦ ᠤᠬᠠᠭ᠋ᠠᠨᠴᠢ ᠪᠥᠭᠡᠳ ᠵᠢᠷᠤᠮᠵᠢᠭᠤᠨ᠂ ᠴᠠᠭ ᠲᠤᠬᠠᠢ᠎ᠳᠤᠨᠢ ᠪᠦᠲᠦᠮᠵᠢᠲᠡᠢ ᠠᠷᠭ᠋ᠠᠴᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠡᠩᠨᠡᠭᠡ ᠵᠢᠨ ᠵᠣᠬᠢᠶᠠᠨ ᠪᠠᠢ᠌ᠭᠤᠯᠤᠨ ᠵᠣᠬᠢᠴᠠᠭᠤᠯᠬᠤ ᠪᠠ ᠪᠣᠳᠠᠲᠤ ᠲᠡᠢ᠌ᠨ᠎ᠤ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ ᠡᠭᠦᠰᠬᠦ ᠦᠶ᠎ᠡ᠎ᠳᠤ ᠲᠦᠷᠭᠡᠨ ᠪᠥᠭᠡᠳ ᠥᠨᠳᠥᠷ ᠪᠦᠲᠦᠮᠵᠢᠲᠡᠢ᠎ᠪᠠᠷ ᠲᠠᠭ᠋ᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ 2024 ᠣᠨ᠎ᠤ 11 ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ᠎ᠨᠢ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠪᠠᠲᠤᠯᠠᠭ᠎ᠠ ᠵᠢᠨ ᠲᠥᠪ᠎ᠲᠠᠢ ᠬᠠᠮᠲᠤᠷᠠᠨ ᠠᠶᠤᠯᠲᠠᠢ ᠬᠢᠮᠢ ᠵᠢᠨ ᠡᠳ᠋᠎ᠤᠨ ᠲᠡᠷᠭᠡ ᠬᠥᠰᠬᠡ ᠵᠢᠨ ᠵᠠᠮ ᠬᠠᠷᠢᠯᠴᠠᠭ᠋ᠠᠨ᠎ᠤ ᠡᠨᠳᠡᠯ᠎ᠤᠨ ᠪᠣᠬᠢᠷᠲᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠪᠡ᠃
      ᠲᠣᠰ ᠤᠳᠠᠭ᠋ᠠᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ᠎ᠳᠤ ᠪᠠᠴᠢᠮ ᠪᠠᠶ᠋ᠢᠳᠠᠯ᠎ᠢ ᠠᠷᠭ᠋ᠠᠴᠠᠬᠤ ᠤᠳᠤᠷᠢᠳᠬᠤ ᠳᠤᠭᠤᠢ᠌ᠯᠠᠩ᠂ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠬᠦ ᠳᠤᠭᠤᠢ᠌ᠯᠠᠩ᠂ ᠶᠠᠰᠤ ᠴᠢᠨᠠᠷ᠎ᠤᠨ ᠪᠠᠲᠤᠯᠠᠭ᠎ᠠ ᠵᠢᠨ ᠳᠤᠭᠤᠢ᠌ᠯᠠᠩ ᠪᠠ ᠠᠷᠤ ᠲᠠᠯ᠎ᠠ ᠵᠢᠨ ᠪᠠᠲᠤᠯᠠᠭ᠎ᠠ ᠵᠢᠨ ᠳᠤᠭᠤᠢ᠌ᠯᠠᠩ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠬᠤ 4 ᠳᠤᠭᠤᠢ᠌ᠯᠠᠩ᠎ᠢ ᠪᠠᠢ᠌ᠭᠤᠯᠵᠠᠢ᠃ ᠰᠣᠷᠢᠯᠲᠠ᠎ᠨᠢ ᠪᠤᠭᠤᠲᠤ ᠬᠤᠳᠠ ᠵᠢᠨ ᠵᠢᠤᠶᠤᠸᠠᠨ ᠲᠣᠭᠣᠷᠢᠭ᠎ᠤᠨ ᠬᠣᠩ ᠴᠢ ᠶᠡᠬᠡ ᠵᠠᠮ᠎ᠤᠨ ᠰᠧ ᠳ᠋ᠣᠣ ᠱᠠ ᠾᠧ ᠴᠢᠶᠣᠣ ᠬᠥᠭᠥᠷᠭᠡ ᠵᠢᠨ ᠲᠡᠨᠳᠡ ᠵᠠᠮ ᠬᠠᠷᠢᠯᠴᠠᠭ᠋ᠠᠨ᠎ᠤ ᠡᠨᠳᠡᠯ ᠭᠠᠷᠴᠤ᠂ 3 ᠲᠣᠨ ᠠᠶᠤᠯ᠎ᠲᠠᠢ ᠬᠢᠮᠢ ᠵᠢᠨ ᠪᠣᠳᠠᠰ (ᠬᠦᠴᠢᠯᠯᠢᠭ ᠬᠠᠶᠠᠭᠳᠠᠮᠠᠯ ᠰᠢᠩᠭᠡᠨ᠂ ᠪᠦᠷᠢᠯᠳᠦᠬᠦᠨ᠎ᠢ᠎ᠨᠢ ᠦᠯᠦ ᠮᠡᠳᠡᠬᠦ) ᠰᠠᠪᠠᠯᠠᠭᠰᠠᠨ ᠵᠢᠵᠢᠭ ᠬᠡᠯᠪᠡᠷᠢ ᠵᠢᠨ ᠲᠡᠷᠭᠡ ᠰᠧ ᠳ᠋ᠣᠣ ᠱᠠ ᠾᠧ ᠴᠢᠶᠣᠣ ᠬᠥᠭᠥᠷᠭᠡ ᠵᠢᠨ ᠳᠣᠣᠷ᠎ᠠ ᠮᠤᠷᠤᠢ᠌ᠭᠰᠠᠨ ᠭᠠᠵᠠᠷ᠎ᠲᠤ ᠵᠢᠯᠣᠭᠣᠴᠢ ᠵᠢᠨ ᠠᠵᠢᠯᠯᠠᠭ᠎ᠠ ᠵᠣᠬᠢᠰ ᠦᠭᠡᠢ᠎ᠠᠴᠠ ᠪᠣᠯᠵᠤ ᠬᠠᠵᠠᠭᠤᠰᠢ ᠤᠷᠪᠠᠵᠤ᠂ ᠲᠡᠷᠭᠡᠨ ᠳᠡᠭᠡᠷᠡᠬᠢ ᠠᠶᠤᠯ᠎ᠲᠠᠢ ᠬᠢᠮᠢ ᠵᠢᠨ ᠪᠣᠳᠠᠰ᠎ᠤᠨ ᠬᠡᠰᠡᠭ᠎ᠨᠢ ᠭᠠᠳᠠᠭᠰᠢ ᠤᠷᠤᠰᠴᠤ᠂ ᠰᠧ ᠳ᠋ᠣᠣ ᠱᠠ ᠾᠧ ᠭᠣᠣᠯ᠎ᠳᠤ ᠤᠷᠤᠰᠤᠨ ᠣᠷᠣᠵᠤ᠂ ᠤᠰᠤᠨ᠎ᠤ ᠴᠢᠨᠠᠷ᠎ᠢ ᠪᠣᠬᠢᠷᠲᠤᠭᠤᠯᠵᠤ ᠮᠠᠲᠠᠨ᠎ᠠ ᠭᠡᠬᠦ ᠬᠡᠷᠡᠭ᠎ᠤᠨ ᠵᠢᠱ᠌ᠢᠯᠲᠡ᠎ᠪᠠᠷ ᠰᠣᠷᠢᠯᠲᠠ ᠬᠢᠪᠡ᠃ ᠡᠨᠳᠡᠯ ᠭᠠᠷᠤᠭᠰᠠᠨ᠎ᠤ ᠳᠠᠷᠠᠭ᠎ᠠ᠂ ᠪᠤᠭᠤᠲᠤ ᠵᠢᠨ ᠬᠤᠪᠢᠶᠠᠷᠢ ᠥᠷᠲᠡᠭᠡ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ ᠵᠢᠨ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠯᠲᠡ ᠵᠢᠨ ᠲᠥᠰᠥᠯ》᠎ᠢ ᠲᠡᠷᠡ ᠳᠠᠷᠤᠢ᠎ᠳᠤᠨᠢ ᠡᠬᠢᠯᠡᠭᠦᠯᠵᠦ᠂ ᠬᠣᠲᠠ ᠵᠢᠨ ᠲᠣᠪᠴᠢᠶ᠎ᠠ ᠵᠢᠨ ᠪᠠᠲᠤᠯᠠᠭ᠎ᠠ ᠵᠢᠨ ᠲᠥᠪ᠎ᠲᠠᠢ ᠬᠠᠮᠲᠤᠷᠠᠨ ᠬᠡᠷᠡᠭᠴᠡᠭᠡ ᠪᠦᠬᠦᠢ ᠲᠣᠨᠣᠭ ᠲᠥᠬᠦᠭᠡᠷᠦᠮᠵᠢ ᠵᠢᠴᠢ ᠡᠳ᠋ ᠪᠣᠳᠠᠰ᠎ᠢ ᠠᠪᠴᠤ᠂ ᠬᠡᠷᠡᠭ ᠭᠠᠷᠤᠭᠰᠠᠨ ᠭᠠᠵᠠᠷ᠎ᠲᠤ ᠬᠦᠷᠴᠦ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠯᠲᠡ ᠵᠢᠨ ᠠᠵᠢᠯ᠎ᠢ ᠦᠳᠲᠡᠷ ᠲᠦᠷᠭᠡᠨ ᠥᠷᠨᠢᠭᠦᠯᠪᠡ᠃ ᠲᠥᠰᠥᠯ ᠲᠣᠭᠲᠠᠭ᠋ᠠᠬᠤ᠂ ᠬᠢᠨᠠᠨ ᠬᠡᠮᠵᠢᠵᠦ ᠥᠯᠢᠭᠡᠷ ᠠᠪᠬᠤ᠂ ᠥᠯᠢᠭᠡᠷ ᠡᠳ᠋᠎ᠢ ᠲᠤᠰᠢᠶᠠᠬᠤ ᠪᠠ ᠬᠦᠯᠢᠶᠡᠨ ᠠᠪᠬᠤ᠎ᠠᠴᠠ ᠲᠤᠬᠠᠢ ᠵᠢᠨ ᠲᠠᠯᠠᠪᠠᠢ᠎ᠳᠤ ᠵᠠᠳᠠᠯᠤᠯᠲᠠ ᠬᠢᠬᠦ ᠪᠠ ᠦᠷ᠎ᠡ ᠳ᠋ᠦᠩ᠎ᠢ ᠮᠡᠳᠡᠭᠦᠯᠬᠦ ᠬᠦᠷᠲᠡᠯ᠎ᠡ᠂ ᠭᠣᠭᠴᠣᠭ᠎ᠠ ᠨᠢᠭᠡᠪᠦᠷᠢ ᠵᠢ ᠨᠢᠭᠲᠠ ᠵᠣᠯᠭ᠋ᠠᠭᠤᠯᠪᠠ᠃ ᠡᠯ᠎ᠡ ᠪᠠᠴᠢᠮ ᠪᠠᠶ᠋ᠢᠳᠠᠯ᠎ᠢ ᠠᠷᠭ᠋ᠠᠴᠠᠬᠤ ᠳᠤᠭᠤᠢ᠌ᠯᠠᠩ᠎ᠤᠨ ᠬᠠᠮᠲᠤ ᠵᠢᠨ ᠠᠵᠢᠯᠯᠠᠭ᠎ᠠ ᠵᠢᠨ ᠳᠣᠣᠷ᠎ᠠ᠂ ᠡ᠊ᠨᠳᠡᠯ᠎ᠢ ᠪᠦᠲᠦᠮᠵᠢᠲᠡᠢ᠎ᠪᠠᠷ ᠬᠢᠵᠠᠭ᠋ᠠᠷᠯᠠᠵᠤ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠠᠷᠢᠯᠭ᠋ᠠᠵᠤ᠂ ᠣᠷᠴᠢᠨ ᠲᠣᠭᠣᠷᠢᠨ᠎ᠳᠤ ᠤᠴᠠᠷᠠᠭᠤᠯᠬᠤ ᠪᠣᠬᠢᠷᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠠᠢ᠃ ᠲᠣᠰ ᠤᠳᠠᠭ᠋ᠠᠨ᠎ᠤ ᠰᠣᠷᠢᠯᠲᠠ ᠵᠢᠨ ᠠᠵᠢᠯᠯᠠᠭ᠎ᠠ᠎ᠨᠢ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ᠂ ᠲᠤᠬᠠᠢ ᠵᠢᠨ ᠲᠠᠯᠠᠪᠤᠷ᠎ᠤᠨ ᠰᠢᠢ᠍ᠳᠪᠦᠷᠢᠯᠡᠬᠦ ᠲᠥᠰᠥᠯ᠎ᠤᠨ ᠪᠣᠳᠠᠲᠤ ᠬᠡᠷᠡᠭᠯᠡᠭᠡᠨ᠎ᠤ ᠴᠢᠨᠠᠷ ᠪᠠ ᠪᠦᠲᠦᠮᠵᠢᠲᠦ ᠴᠢᠨᠠᠷ᠎ᠢ ᠪᠦᠲᠦᠮᠵᠢᠲᠡᠢ ᠰᠢᠯᠭ᠋ᠠᠨ ᠪᠠᠢ᠌ᠴᠠᠭ᠋ᠠᠵᠤ᠂ ᠲᠣᠭᠲᠠᠴᠠ ᠵᠢ ᠵᠣᠬᠢᠴᠠᠭᠤᠯᠬᠤ᠂ ᠡᠩᠨᠡᠭᠡ ᠵᠢ ᠪᠣᠯᠪᠠᠰᠤᠷᠠᠭᠤᠯᠬᠤ ᠵᠢᠱ᠌ᠢᠭᠰᠡᠨ ᠦᠷ᠎ᠡ ᠪᠦᠲᠦᠮᠵᠢ᠎ᠳᠤ ᠭᠦᠷᠦᠭᠰᠡᠨ ᠪᠠᠢ᠌ᠨ᠎ᠠ᠃ ᠲᠣᠰ ᠤᠳᠠᠭ᠋ᠠᠨ᠎ᠤ ᠠᠵᠢᠯᠯᠠᠭ᠎ᠠ ᠵᠢ ᠥᠷᠨᠢᠭᠦᠯᠦᠭᠰᠡᠨ᠎ᠨᠢ ᠰᠠᠯᠠᠭ᠎ᠠ ᠮᠥᠴᠢᠷ᠎ᠤᠳ᠎ᠤᠨ ᠬᠣᠭᠤᠷᠤᠨᠳᠤᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ᠂ ᠬᠠᠮᠲᠤᠷᠠᠨ ᠪᠠᠢ᠌ᠯᠳᠤᠵᠤ ᠪᠠᠶ᠋ᠢᠭ᠋ᠠᠳ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠬᠤ ᠶᠡᠷᠦᠩᠬᠡᠢ᠌ᠯᠡᠭᠰᠡᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠡᠩᠨᠡᠭᠡ ᠵᠢᠨ ᠪᠠᠢ᠌ᠯᠳᠤᠬᠤ ᠬᠢᠷᠢ ᠲᠦᠪᠰᠢᠨ᠎ᠢ ᠢᠯᠡᠳᠲᠡ ᠳᠡᠭᠡᠭᠰᠢᠯᠡᠭᠦᠯᠵᠦ᠂ ᠮᠠᠨ᠎ᠤ ᠥᠷᠲᠡᠭᠡᠨ᠎ᠤ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠎ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠢ᠌ᠨ᠎ᠠ᠃
      ᠳᠠᠷᠠᠭ᠋ᠠᠴᠢ ᠵᠢᠨ ᠠᠯᠬᠤᠮ᠎ᠳᠤ᠂ ᠪᠤᠭᠤᠲᠤ ᠵᠢᠨ ᠬᠤᠪᠢᠶᠠᠷᠢ ᠥᠷᠲᠡᠭᠡ᠎ᠠᠴᠠ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠰᠡᠷᠭᠦᠭᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠳᠤᠲᠠᠭᠳᠠᠯ᠎ᠢ ᠪᠠᠢ᠌ᠴᠠᠭ᠋ᠠᠨ ᠳᠤᠲᠠᠭᠤᠳᠠᠯ᠎ᠢ ᠨᠥᠬᠥᠪᠦᠷᠢᠯᠡᠵᠦ᠂ ᠰᠠᠨᠠᠭ᠋ᠠᠴᠢᠯᠠᠭ᠋ᠠᠲᠤ ᠲᠡᠢ᠌ᠨ᠎ᠢ ᠰᠠᠶ᠋ᠢᠲᠤᠷ ᠬᠢᠵᠦ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠨ᠂ ᠪᠣᠳᠠᠲᠤ ᠲᠡᠢ᠌ᠨ᠎ᠠᠴᠠ ᠡᠭᠦᠰᠴᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠪᠡᠯᠡᠳᠬᠡᠯ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠡᠩᠨᠡᠭᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠢᠭᠡᠨ ᠰᠠᠯᠠᠭ᠎ᠠ ᠲᠤᠰᠬᠠᠢ᠌ᠵᠢᠭᠰᠠᠨ᠂ ᠥᠨᠳᠥᠷ ᠬᠡᠪ ᠪᠣᠯᠪᠠᠰᠤᠷᠠᠯ᠎ᠲᠠᠢ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠡᠩᠨᠡᠭᠡ ᠵᠢ ᠪᠠᠢ᠌ᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠯᠲᠡ ᠵᠢᠨ ᠭᠡᠨᠡᠳᠲᠡ ᠵᠢᠨ ᠴᠢᠨᠠᠷ᠂ ᠣᠨᠴᠠᠭ᠋ᠠᠢ ᠴᠢᠨᠠᠷ᠂ ᠪᠤᠳᠤᠯᠢᠶᠠᠨᠲᠤ ᠴᠢᠨᠠᠷ᠎ᠤᠨ ᠠᠵᠢᠯ᠎ᠤᠨ ᠱᠠᠭ᠋ᠠᠷᠳᠠᠯᠭ᠎ᠠ ᠵᠢ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠬᠢᠭᠡᠳ ᠤᠯᠠᠭ᠋ᠠᠨᠴᠠᠪ ᠬᠣᠲᠠ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠤᠷᠤᠭᠰᠢᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠪᠦᠬᠦ ᠣᠷᠣᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠣᠷᠳᠣᠰ᠄ ᠬᠦᠴᠦᠨ ᠵᠶ᠋ᠡᠨ ᠲᠥᠪᠯᠡᠷᠡᠭᠦᠯᠦᠨ ᠪᠦᠬᠦ ᠲᠠᠯ᠎ᠠ ᠵᠢᠨ ᠴᠢᠳᠠᠪᠤᠷᠢᠲᠠᠨ᠎ᠤ ᠨᠥᠬᠥᠷᠰᠡᠭ ᠠᠮᠢ ᠠᠬᠤᠢ ᠵᠢ ᠴᠣᠭᠴᠠᠯᠠᠨ ᠪᠠᠢ᠌ᠭᠤᠯᠤᠨ᠎ᠠ
 
             蒙ICP备05000248号