《ᠬᠥᠬᠡᠬᠣᠲᠠ ᠤᠯᠠᠭ᠋ᠠᠨᠴᠠᠪ ᠬᠣᠲᠠ ᠵᠢᠨ ᠶᠡᠬᠡ ᠬᠠᠷ᠎ᠠ ᠭᠣᠣᠯ᠎ᠤᠨ ᠰᠠᠪᠠ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠬᠠᠮᠲᠤᠷᠠᠨ ᠰᠡᠷᠭᠡᠢ᠌ᠯᠡᠵᠦ ᠬᠠᠮᠲᠤᠷᠠᠨ ᠡᠵᠡᠮᠳᠡᠬᠦ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》᠎ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠮᠠᠨ᠎ᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠬᠢᠭᠡᠳ ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ 2024 ᠣᠨ᠎ᠤ 10 ᠰᠠᠷ᠎ᠠ ᠵᠢᠨ 10᠎ᠤ ᠡᠳᠦᠷ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠢ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ ᠵᠢᠨ ᠵᠣᠷᠢᠯᠭ᠎ᠠ᠎ᠨᠢ ᠬᠠᠲᠤᠨ ᠭᠣᠣᠯ᠎ᠤᠨ ᠨᠢᠭᠡᠳᠦᠭᠡᠷ ᠳᠡᠰ᠎ᠤᠨ ᠰᠠᠯᠪᠤᠷᠢ ᠤᠷᠤᠰᠬᠠᠯ ᠪᠣᠯᠬᠤ ᠶᠡᠬᠡ ᠬᠠᠷ᠎ᠠ ᠭᠣᠣᠯ᠎ᠤᠨ ᠳᠡᠭᠡᠳᠦ ᠤᠷᠤᠰᠬᠠᠯ᠎ᠤᠨ ᠤᠯᠠᠭ᠋ᠠᠨᠴᠠᠪ ᠬᠣᠲᠠ ᠵᠢᠨ ᠬᠢᠯᠢ ᠳᠣᠲᠣᠷᠠᠬᠢ ᠭᠣᠣᠯ᠎ᠤᠨ ᠵᠠᠮ᠎ᠢ ᠲᠣᠭᠣᠷᠢᠨ ᠪᠠᠢ᠌ᠴᠠᠭ᠋ᠠᠬᠤ ᠵᠢᠨ ᠬᠠᠮᠲᠤ ᠸᠧ ᠹᠥᠸᠧ ᠵᠢᠨ ᠳᠣᠣᠷᠠᠬᠢ ᠣᠭᠲᠣᠯᠣᠭ᠋ᠠᠰᠤ ᠪᠠ ᠵᠢᠰᠢᠶᠠᠨ ᠠᠢ᠌ᠯ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠬᠦ ᠵᠢᠨ ᠲᠥᠯᠥᠭᠡ ᠶᠤᠮ᠃ ᠪᠠᠢ᠌ᠴᠠᠭ᠋ᠠᠯᠲᠠ ᠳᠠᠭᠤᠰᠤᠭᠰᠠᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠠᠮᠢ ᠠᠬᠤᠢ ᠣᠷᠴᠢᠨ ᠲᠣᠭᠣᠷᠢᠨ᠎ᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠠᠯᠢ ᠤᠯᠠᠨ ᠬᠠᠮᠲᠤ ᠵᠢᠨ ᠲᠠᠨᠢᠯᠲᠠ᠎ᠲᠠᠢ ᠪᠣᠯᠵᠠᠢ᠃ ᠬᠣᠶᠠᠷ ᠲᠠᠯ᠎ᠠ᠎ᠪᠠᠷ ᠵᠶ᠋ᠠᠨ᠂ ᠬᠣᠶᠠᠷ ᠬᠣᠲᠠ ᠵᠢᠨ ᠬᠣᠭᠤᠷᠤᠨᠳᠤᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠨᠠᠭᠰᠢᠳᠠ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠪᠣᠯᠣᠨ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠰᠣᠯᠢᠯᠴᠠᠬᠤ ᠵᠢ ᠪᠠᠲᠤᠯᠠᠨ᠎ᠠ ᠭᠡᠵᠦ ᠢᠯᠡᠳᠬᠡᠪᠡ᠃ ᠡᠭᠦᠨ᠎ᠤ ᠬᠠᠮᠲᠤ᠂ ᠬᠣᠶᠠᠷ ᠲᠠᠯ᠎ᠠ᠎ᠪᠠᠷ ᠵᠶ᠋ᠠᠨ ᠥᠨᠳᠥᠷ ᠪᠦᠲᠦᠮᠵᠢᠲᠡᠢ ᠣᠯᠣᠯᠴᠠᠬᠤ ᠲᠣᠭᠲᠠᠴᠠ ᠵᠢ ᠪᠠᠢ᠌ᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠲᠥᠷᠥ ᠵᠢᠨ ᠪᠣᠳᠣᠯᠭ᠎ᠠ᠂ ᠰᠢᠨ᠎ᠡ ᠮᠡᠷᠭᠡᠵᠢᠯ ᠪᠣᠯᠣᠨ ᠬᠠᠤᠯᠢ ᠬᠡᠷᠡᠭᠵᠢᠭᠦᠯᠬᠦ ᠲᠤᠷᠰᠢᠯᠭ᠎ᠠ ᠵᠢ ᠬᠠᠮᠲᠤ᠎ᠪᠠᠷ ᠰᠤᠳᠤᠯᠤᠨ ᠶᠠᠷᠢᠯᠴᠠᠵᠤ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠲᠥᠯᠥᠪᠯᠡᠵᠦ ᠪᠤᠢ᠃
ᠡᠨᠡ ᠤᠳᠠᠭ᠎ᠠ ᠵᠢᠨ ᠣᠷᠣᠨ ᠪᠦᠰᠡ ᠠᠯᠤᠰᠯᠠᠭᠰᠠᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠨᠢ ᠬᠣᠶ᠋ᠢᠰᠢᠳᠠ ᠵᠢᠨ ᠬᠣᠶᠠᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ᠎ᠳᠤ ᠪᠠᠲᠤ ᠪᠡᠬᠢ ᠰᠠᠭᠤᠷᠢ ᠵᠢ ᠲᠠᠯᠪᠢᠵᠤ᠂ ᠬᠣᠶᠠᠷ ᠲᠠᠯ᠎ᠠ᠎ᠪᠠᠷ ᠵᠶ᠋ᠠᠨ ᠬᠥᠬᠡ ᠲᠡᠭᠷᠢ᠂ ᠨᠣᠮᠢᠨ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠲᠠᠯ᠎ᠠ᠎ᠪᠠᠷ ᠭᠠᠷ ᠬᠣᠯᠪᠣᠨ ᠬᠠᠮᠲᠤ᠎ᠪᠠᠷ ᠤᠷᠤᠭᠰᠢᠯᠠᠬᠤ᠎ᠳᠤ ᠴᠢᠬᠤᠯᠠ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢ᠌ᠨ᠎ᠠ᠃