ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠤᠯᠠᠭ᠋ᠠᠨᠴᠠᠪ ᠬᠤᠳᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠰᠠᠢ᠍ᠢ᠍ᠨ ᠳᠤᠷ᠎ᠠ ᠵᠢᠨ ᠤᠬᠠᠭᠤᠯᠭ᠎ᠠ ᠲᠠᠢ᠌ᠯᠤᠮᠵᠢ ᠬᠢᠪᠡ
ᠨᠡᠶ᠋ᠢᠲᠡᠯᠡᠭᠰᠡᠨ ᠴᠠᠭ᠄ 2024-12-03

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠰᠢ ᠵᠢᠨ ᠫᠢᠩ ᠵᠢᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠶᠡᠬᠡ᠎ᠪᠠᠷ ᠤᠬᠠᠭᠤᠯᠵᠤ᠂ ᠠᠵᠤ ᠠᠬᠤᠢ᠌ᠯᠠᠯ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠤᠬᠠᠮᠰᠠᠷ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ᠎ᠪᠠᠷ ᠵᠠᠰᠠᠬᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠣᠢ᠌ᠷ᠎ᠠ ᠵᠢᠨ ᠡᠳᠦᠷ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠤᠯᠠᠭ᠋ᠠᠨᠴᠠᠪ ᠬᠣᠲᠠ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ᠃
      ᠲᠤᠰ ᠤᠳᠠᠭ᠎ᠠ ᠵᠢᠨ ᠤᠬᠠᠭᠤᠯᠭ᠎ᠠ ᠲᠠᠢ᠌ᠯᠤᠮᠵᠢ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠯᠧᠺᠲ᠋ᠣᠷ᠎ᠤᠨ ᠪᠦᠯᠬᠦᠮ᠎ᠤᠨ ᠪᠦᠷᠢᠯᠳᠦᠬᠦᠨ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠠᠤᠯᠢ ᠵᠢᠨ ᠤᠬᠠᠭ᠋ᠠᠨ᠎ᠤ ᠰᠠᠯᠪᠤᠷᠢ ᠵᠢᠨ ᠡᠷᠬᠢᠯᠡᠭᠴᠢ᠂ ᠳᠡᠳ᠋ ᠫᠷᠤᠹᠥᠰᠰᠤᠷ ᠴᠡᠯᠮᠡᠭ ᠪᠠᠭᠰᠢ ᠵᠢ ᠤᠷᠢᠨ ᠲᠤᠰᠬᠠᠢ ᠰᠡᠳᠦᠪ ᠵᠶ᠋ᠡᠷ ᠬᠢᠴᠢᠶᠡᠯ ᠶᠠᠷᠢᠭᠤᠯᠪᠠ᠃ ᠡᠨᠡ ᠬᠤᠭᠤᠴᠠᠭ᠋ᠠᠨ᠎ᠳᠤ᠂ ᠤᠷᠢᠳ ᠬᠣᠵᠢᠳ ᠥᠪᠥᠷ ᠮᠣᠩᠭᠣᠯ᠎ᠤᠨ ᠰᠢᠨ ᠴᠤᠸᠠᠩ ᠺᠣᠮᠫᠠᠨᠢ᠂ ᠤᠯᠠᠭ᠋ᠠᠨᠴᠠᠪ ᠬᠤᠳᠠ ᠵᠢᠨ ᠰᠢᠦᠢ ᠹᠧᠩ ᠰᠢᠨ ᠴᠤᠸᠠᠩ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠰᠢᠨ ᠲᠢᠶᠠᠨ ᠱᠤᠭᠤᠮᠠᠯ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠭᠤᠷᠪᠠᠨ ᠬᠠᠪᠴᠢᠯ᠎ᠤᠨ ᠣᠲᠣ ᠦᠶ᠎ᠡ ᠵᠢᠨ ᠡᠨᠧᠷᠭᠢ ᠵᠢᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠬᠦᠷᠢᠶᠡᠯᠡᠩ ᠵᠶ᠋ᠡᠷ ᠰᠤᠷᠪᠤᠯᠵᠢᠯᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠲᠢᠶᠠᠨ ᠫᠢ ᠱᠠᠨ ᠲᠡᠮᠦᠷᠯᠢᠭ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠣᠨ ᠤᠯᠠᠭ᠋ᠠᠨᠴᠠᠪ ᠬᠣᠲᠠ ᠵᠢᠨ ᠴᠠᠬᠠᠷ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠡᠮᠦᠷ᠎ᠤᠨ ᠬᠠᠢ᠌ᠯᠤᠰᠢ᠂ ᠴᠠᠬᠢᠯᠠᠭᠤᠷ ᠴᠢᠯᠠᠭᠤ ᠦᠢ᠍ᠯᠡᠳᠬᠦ᠂ ᠨᠠᠭᠦᠷᠡᠰᠦᠲᠦ᠋ᠷᠦᠭᠴᠢ ᠡᠳ᠋᠎ᠤᠨ ᠠᠵᠢᠯ ᠲᠥᠷᠥᠯ᠂ ᠲᠣᠨᠣᠭ ᠲᠥᠬᠦᠭᠡᠷᠦᠮᠵᠢ ᠦᠢ᠍ᠯᠡᠳᠬᠦ᠂ ᠡᠮ ᠡᠮᠨᠡᠯᠭᠡ ᠵᠢᠨ ᠬᠢᠮᠢ ᠵᠢᠨ ᠠᠵᠤ ᠦᠢ᠍ᠯᠡᠳᠪᠦᠷᠢ᠂ ᠢᠳᠡᠭᠡᠨ ᠪᠣᠯᠪᠠᠰᠤᠷᠠᠭᠤᠯᠬᠤ᠂ ᠲᠣᠮᠣ ᠳ᠋ᠠᠢ᠌ᠲ᠋ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ ᠲᠥᠷᠥᠯ ᠬᠡᠯᠪᠡᠷᠢ ᠵᠢᠨ 38 ᠠᠵᠤ ᠠᠬᠤᠢ᠌ᠯᠠᠯ᠎ᠳᠤ ᠬᠠᠨᠳᠤᠭᠤᠯᠤᠨ ᠤᠬᠠᠭᠤᠯᠭ᠎ᠠ ᠲᠠᠢ᠌ᠯᠤᠮᠵᠢ ᠬᠢᠪᠡ᠃ ᠲᠠᠢ᠌ᠯᠤᠮᠵᠢ᠎ᠨᠢ ᠭᠣᠣᠯᠳᠠᠭᠤ ᠠᠵᠤ ᠠᠬᠤᠢ᠌ᠯᠠᠯ᠎ᠳᠤ ᠬᠣᠯᠪᠣᠭᠳᠠᠭᠰᠠᠨ ᠣᠷᠴᠢᠨ ᠲᠣᠭᠣᠷᠢᠨ᠎ᠤ ᠵᠠᠰᠠᠭ ᠵᠠᠬᠢᠷᠭ᠎ᠠ᠂ ᠡᠷᠡᠭᠦᠦ ᠵᠢᠨ ᠬᠡᠷᠡᠭ᠂ ᠢᠷᠭᠡᠨ᠎ᠤ ᠬᠡᠷᠡᠭ᠎ᠤᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ᠎ᠳᠤ ᠴᠢᠭᠯᠡᠭᠦᠯᠵᠦ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠣᠣᠯ᠎ᠤᠨ ᠬᠠᠮᠠᠭ᠋ᠠᠯᠠᠯᠲᠠ ᠵᠢᠨ ᠬᠠᠤᠯᠢ》 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 《ᠠᠮᠢ ᠠᠬᠤᠢ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠢ ᠲᠣᠭᠲᠠᠭ᠋ᠠᠭᠰᠠᠨ ᠠᠬᠤᠢ ᠪᠠᠶ᠋ᠢᠳᠠᠯ᠂ ᠴᠢᠬᠤᠯᠠ ᠴᠢᠨᠠᠷ ᠪᠠ ᠭᠣᠣᠯ ᠠᠭᠤᠯᠭ᠎ᠠ ᠵᠢᠨ ᠲᠣᠭᠣᠷᠢᠨ᠎ᠳᠤ᠂ ᠠᠵᠢᠯ᠎ᠤᠨ ᠪᠣᠳᠠᠲᠤ ᠪᠠᠶ᠋ᠢᠳᠠᠯ᠂ ᠬᠠᠤᠯᠢ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠭᠣᠣᠯᠳᠠᠯᠭ᠎ᠠ᠎ᠲᠠᠢ ᠬᠠᠷᠢᠭᠤᠴᠠᠯᠭ᠎ᠠ ᠵᠢᠴᠢ ᠣᠳᠣᠬᠢ ᠱᠠᠲᠤᠨ᠎ᠳᠤ ᠣᠷᠣᠰᠢᠵᠤ ᠪᠠᠢ᠌ᠭ᠎ᠠ ᠨᠡᠢ᠌ᠲᠡᠯᠢᠭ ᠴᠢᠨᠠᠷᠲᠠᠢ ᠠᠰᠠᠭᠤᠳᠠᠯ᠎ᠲᠠᠢ ᠤᠶᠠᠯᠳᠤᠭᠤᠯᠤᠨ᠂ ᠪᠥᠬᠥ ᠲᠠᠯ᠎ᠠ᠎ᠪᠠᠷ ᠰᠢᠰᠲ᠋ᠧᠮ᠎ᠲᠠᠢ ᠲᠠᠢ᠌ᠯᠤᠮᠵᠢ ᠬᠢᠪᠡ᠃ ᠠᠵᠤ ᠠᠬᠤᠢ᠌ᠯᠠᠯ᠎ᠤᠨ ᠠᠮᠤᠷ ᠲᠦᠪᠰᠢᠨ ᠪᠠ ᠣᠷᠴᠢᠨ ᠲᠣᠭᠣᠷᠢᠨ᠎ᠤ ᠭᠣᠣᠯ ᠬᠠᠮᠢᠶᠠᠷᠤᠭᠴᠢ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠠᠵᠢᠯᠲᠠᠨ ᠵᠡᠷᠭᠡ 200 ᠭᠠᠷᠤᠢ ᠬᠥᠮᠥᠨ ᠲᠠᠢ᠌ᠯᠤᠮᠵᠢ᠎ᠳᠤ ᠣᠷᠣᠯᠴᠠᠪᠠ᠃
      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠭᠰᠠᠨ 《ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭᠲᠠᠭ᠋ᠠᠯ》᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠶᠡᠬᠡ ᠪᠠᠢ᠌ᠷᠢᠯᠠᠭᠤᠯᠤᠯᠲᠠ ᠬᠢᠵᠦ᠂ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ ᠪᠣᠯᠣᠨ ᠤᠯᠤᠰ᠎ᠤᠨ ᠵᠠᠰᠠᠯᠲᠠ ᠵᠢᠨ ᠰᠢᠰᠲ᠋ᠧᠮ᠎ᠳᠠᠬᠢ ᠴᠢᠬᠤᠯᠠ ᠪᠠᠶ᠋ᠢᠷᠢ ᠰᠠᠭᠤᠷᠢ ᠵᠢ ᠬᠠᠷᠠᠭᠤᠯᠵᠠᠢ᠃ ᠲᠤᠰ ᠤᠳᠠᠭ᠋ᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠦᠭᠡᠮᠡᠯᠵᠢᠭᠦᠯᠬᠦ ᠰᠠᠶ᠋ᠢᠨ ᠳᠤᠷ᠎ᠠ ᠵᠢᠨ ᠤᠬᠠᠭᠤᠯᠭ᠎ᠠ᠎ᠪᠠᠷ ᠳᠡᠮᠵᠢᠨ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠦᠨᠳᠦᠰᠦᠨ ᠱᠠᠲᠤ ᠪᠠ ᠤᠯᠠᠨ ᠲᠦᠮᠡᠨ᠎ᠳᠤ ᠭᠦᠨᠵᠡᠭᠡᠢ᠌ᠷᠡᠭᠦᠯᠦᠨ ᠤᠬᠠᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠪᠠᠷ ᠵᠠᠰᠠᠬᠤ ᠦᠵᠡᠯᠲᠡ ᠵᠢ ᠪᠣᠢ ᠪᠣᠯᠭ᠋ᠠᠵᠤ᠂ 《ᠬᠠᠤᠯᠢ ᠵᠢ ᠰᠤᠷᠤᠯᠴᠠᠬᠤ᠂ ᠬᠠᠤᠯᠢ ᠵᠢ ᠮᠡᠳᠡᠬᠦ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ》 ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠶᠠᠪᠤᠴᠠ᠎ᠳᠠᠬᠢ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠠᠤᠯᠢ ᠶᠣᠰᠣᠭ᠋ᠠᠷ ᠰᠢᠢ᠍ᠳᠪᠦᠷᠢᠯᠡᠬᠦ ᠴᠢᠳᠠᠪᠤᠷᠢ ᠵᠢ ᠴᠢᠩᠭ᠋ᠠᠳᠬᠠᠨ᠂ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠠᠮᠢ ᠠᠬᠤᠢ ᠣᠷᠴᠢᠨ ᠲᠣᠭᠣᠷᠢᠨ᠎ᠤ ᠥᠨᠳᠥᠷ ᠬᠢᠷᠢ ᠲᠦᠪᠰᠢᠨ᠎ᠤ ᠬᠠᠮᠠᠭ᠋ᠠᠯᠠᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠨ᠎ᠡ᠃
      ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠂ ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯᠣᠨ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠬᠠᠮᠲᠤᠪᠠᠷ ᠳᠠᠭ᠋ᠠᠭ᠋ᠠᠨ ᠡᠷᠭᠢᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠣᠷᠢᠯᠲᠠ᠎ᠪᠠᠷ 《ᠪᠠᠢ᠌ᠯᠳᠤᠭ᠋ᠠᠨ》᠎ᠢ ᠠᠬᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠬᠢᠪᠡ
ᠬᠥᠬᠡᠬᠣᠲᠠ ᠬᠢᠭᠡᠳ ᠤᠯᠠᠭ᠋ᠠᠨᠴᠠᠪ ᠬᠣᠲᠠ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ
ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠤᠷᠤᠭᠰᠢᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠪᠦᠬᠦ ᠣᠷᠣᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
 
             蒙ICP备05000248号