ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠬᠡᠬᠣᠲᠠ ᠬᠣᠶᠠᠳᠤᠭ᠋ᠠᠷ ᠪᠦᠯᠦᠭ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠡᠷᠬᠢᠯᠳᠦᠬᠦᠯᠦᠨ ᠠᠰᠢᠭᠯᠠᠬᠤ ᠲᠤᠷᠰᠢᠯᠲᠠ ᠵᠢᠨ ᠬᠣᠲᠠ ᠵᠢᠨ ᠨᠡᠷᠡᠰ᠎ᠲᠤ ᠠᠮᠵᠢᠯᠲᠠ᠎ᠲᠠᠢ ᠰᠣᠩᠭᠣᠭᠳᠠᠪᠠ
ᠨᠡᠶ᠋ᠢᠲᠡᠯᠡᠭᠰᠡᠨ ᠴᠠᠭ᠄ 2024-04-12

      ᠣᠢ᠌ᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠬᠠᠮᠲᠤᠷᠠᠨ ᠬᠣᠶᠠᠳᠤᠭ᠋ᠠᠷ ᠪᠦᠯᠦᠭ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠡᠷᠬᠢᠯᠳᠦᠬᠦᠯᠦᠨ ᠠᠰᠢᠭᠯᠠᠬᠤ ᠲᠤᠷᠰᠢᠯᠲᠠ ᠵᠢᠨ ᠬᠣᠲᠠ ᠵᠢᠨ ᠨᠡᠷᠡᠰ᠎ᠢ ᠨᠡᠢ᠌ᠲᠡᠯᠡᠪᠡ᠂ ᠬᠥᠬᠡᠬᠣᠲᠠ ᠠᠮᠵᠢᠯᠲᠠ᠎ᠲᠠᠢ ᠰᠣᠩᠭᠣᠭᠳᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠰᠣᠩᠭᠣᠭᠳᠠᠭᠰᠠᠨ ᠬᠣᠲᠠ ᠪᠣᠯᠣᠨ᠎ᠠ᠃

      ᠬᠥᠬᠡᠬᠣᠲᠠ ᠪᠣᠯ ᠡᠬᠢ ᠪᠠᠶᠠᠯᠢᠭ᠎ᠤᠨ ᠬᠡᠯᠪᠡᠷᠢ ᠵᠢᠨ ᠤᠰᠤ ᠳᠤᠲᠠᠭᠳᠠᠵᠤ ᠪᠠᠢ᠌ᠭ᠎ᠠ ᠨᠡᠢ᠌ᠲᠡᠯᠢᠭ ᠭᠠᠵᠠᠷ ᠣᠷᠣᠨ᠎ᠳᠤ ᠬᠠᠷᠢᠶᠠᠯᠠᠭᠳᠠᠵᠤ᠂ ᠤᠰᠤᠨ᠎ᠤ ᠡᠬᠢ ᠪᠠᠶᠠᠯᠢᠭ ᠳᠤᠲᠠᠭᠳᠠᠵᠤ ᠪᠠᠢ᠌ᠭ᠎ᠠ᠎ᠨᠢ ᠨᠢᠭᠡᠨᠲᠡ ᠲᠣᠰ ᠬᠣᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠭᠣᠣᠯ ᠪᠣᠭᠣᠮᠢ ᠵᠢᠨ ᠨᠢᠭᠡ ᠪᠣᠯᠵᠠᠢ᠃ ᠣᠢ᠌ᠷ᠎ᠠ ᠵᠢᠨ ᠵᠢᠯ᠎ᠤᠳ᠎ᠲᠤ᠂ ᠬᠥᠬᠡᠬᠣᠲᠠ ᠬᠣᠲᠠ ᠵᠢᠨ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷ ᠤᠰᠤ ᠵᠢ ᠴᠤᠭᠯᠠᠭᠤᠯᠤᠨ ᠰᠢᠢ᠍ᠳᠪᠦᠷᠢᠯᠡᠬᠦ ᠪᠠ ᠳᠠᠬᠢᠯᠲᠠ ᠤᠰᠤ ᠵᠢ ᠠᠰᠢᠭᠯᠠᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ 2023 ᠣᠨ᠎ᠳᠤ᠂ ᠳᠠᠬᠢᠯᠲᠠ ᠤᠰᠤᠨ᠎ᠤ ᠶᠡᠷᠦᠩᠬᠡᠢ ᠤᠰᠤ ᠬᠠᠩᠭ᠋ᠠᠬᠤ ᠬᠡᠮᠵᠢᠶ᠎ᠡ 16592.55 ᠲᠦᠮᠡᠨ ᠲᠣᠨ᠂ ᠠᠰᠢᠭᠯᠠᠬᠤ ᠬᠡᠮᠵᠢᠶ᠎ᠡ 5501.28 ᠲᠦᠮᠡᠨ ᠲᠣᠨ ᠪᠠᠢ᠌ᠵᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ 33.16%᠎ᠳᠤ ᠬᠥᠷᠪᠡ᠃

      ᠣᠷᠣᠨ ᠪᠦᠰᠡ ᠵᠢᠨ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠪᠣᠯ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠤᠨ ᠳᠣᠣᠷᠠᠳᠤ ᠤᠷᠤᠰᠬᠠᠯ᠂ ᠭᠣᠣᠯ ᠮᠥᠷᠡᠨ᠎ᠤ ᠨᠠᠭᠤᠷ᠎ᠲᠤ ᠴᠢᠳᠬᠤᠬᠤ ᠠᠮᠠᠰᠠᠷ᠂ ᠰᠠᠯᠪᠤᠷᠢ ᠤᠷᠤᠰᠬᠠᠯ᠎ᠤᠨ ᠭᠣᠣᠯ ᠤᠷᠤᠰᠬᠠᠯ᠎ᠤᠨ ᠭᠠᠵᠠᠷ ᠵᠡᠷᠭᠡ ᠵᠠᠩᠭᠢᠯᠠᠭ᠎ᠠ ᠵᠢᠨ ᠴᠡᠭ ᠪᠣᠯᠣᠨ᠎ᠠ᠃ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠥᠮᠥᠨ᠎ᠤ ᠬᠦᠴᠦ᠎ᠪᠠᠷ ᠨᠤᠭᠤ ᠭᠠᠵᠠᠷ᠎ᠤᠨ ᠤᠰᠤᠨ᠎ᠤ ᠴᠢᠨᠠᠷ᠎ᠢ ᠴᠡᠪᠡᠷᠰᠢᠭᠦᠯᠬᠦ ᠵᠡᠷᠭᠡ ᠢᠨᠵᠧᠨᠧᠷᠢᠩ᠎ᠤᠨ ᠲᠥᠬᠦᠭᠡᠷᠦᠮᠵᠢ ᠵᠢ ᠪᠠᠢ᠌ᠭᠤᠯᠵᠤ᠂ ᠪᠠᠷᠢᠮᠵᠢᠶ᠎ᠠ᠎ᠳᠤ ᠬᠦᠷᠦᠭᠰᠡᠨ᠎ᠤ ᠳᠠᠷᠠᠭ᠋ᠠᠬᠢ ᠭᠠᠳᠠᠭᠰᠢᠯᠠᠭᠤᠯᠬᠤ ᠤᠰᠤ ᠵᠢ ᠤᠯᠠᠮ ᠨᠢᠭᠡ ᠠᠯᠬᠤᠮ ᠴᠡᠪᠡᠷᠰᠢᠭᠦᠯᠵᠦ᠂ ᠵᠣᠬᠢᠬᠤ ᠣᠷᠣᠨ ᠪᠦᠰᠡ ᠵᠢᠨ ᠳᠣᠲᠣᠷ᠎ᠠ ᠦᠢ᠍ᠯᠡᠳᠪᠦᠷᠢᠯᠡᠯ᠂ ᠠᠮᠢ ᠠᠬᠤᠢ᠂ ᠠᠮᠢᠳᠤᠷᠠᠯ᠎ᠳᠤ ᠨᠢᠭᠡᠳᠦᠯᠲᠡᠢ ᠬᠡᠷᠡᠭᠯᠡᠬᠦ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ᠎ᠢ ᠬᠡᠷᠡᠭᠵᠢᠭᠦᠯᠵᠦ᠂ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠡᠷᠭᠢᠯᠳᠦᠭᠦᠯᠦᠨ ᠠᠰᠢᠭᠯᠠᠬᠤ ᠵᠢ ᠣᠷᠭ᠋ᠠᠨᠢᠭ ᠵᠶ᠋ᠠᠷ ᠤᠶᠠᠯᠳᠤᠭᠤᠯᠤᠭᠰᠠᠨ ᠣᠷᠣᠨ ᠪᠦᠰᠡ ᠵᠢᠨ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠰᠢᠰᠲ᠋ᠧᠮ᠎ᠢ ᠪᠠᠢ᠌ᠭᠤᠯᠬᠤ ᠵᠢ ᠬᠦᠴᠦᠲᠡᠢ ᠠᠬᠢᠭᠤᠯᠵᠤ᠂ ᠪᠣᠬᠢᠷᠲᠤᠯ᠎ᠢ ᠪᠠᠭ᠋ᠠᠰᠬᠠᠨ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠨ᠎ᠡ᠃

      ᠬᠥᠬᠡᠬᠣᠲᠠ ᠪᠣᠬᠢᠷᠲᠤᠯ᠎ᠢ ᠵᠠᠰᠠᠬᠤ᠂ ᠠᠮᠢ ᠠᠬᠤᠢ ᠵᠢ ᠬᠠᠮᠠᠭ᠋ᠠᠯᠠᠬᠤ᠂ ᠡᠷᠭᠢᠯᠳᠦᠭᠦᠯᠦᠨ ᠠᠰᠢᠭᠯᠠᠬᠤ ᠵᠢᠨ ᠲᠣᠭᠣᠷᠢᠨ᠎ᠳᠤ᠂ ᠳᠠᠬᠢᠯᠲᠠ ᠤᠰᠤ ᠵᠢ ᠤᠰᠤᠨ᠎ᠤ ᠡᠬᠢ ᠪᠠᠶᠠᠯᠢᠭ᠎ᠤᠨ ᠲᠥᠯᠦᠪᠵᠢᠭᠦᠯᠭᠡ ᠵᠢᠨ ᠪᠠᠢ᠌ᠷᠢᠰᠢᠯ᠎ᠤᠨ ᠰᠢᠰᠲ᠋ᠧᠮ᠎ᠳᠤ ᠣᠷᠣᠭᠤᠯᠵᠤ᠂ ᠰᠢᠨ᠎ᠡ ᠪᠠᠢ᠌ᠰᠢᠩ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠰᠡᠬᠦᠯ᠎ᠤᠨ ᠤᠰᠤ᠎ᠪᠠᠷ ᠨᠤᠭᠤ ᠭᠠᠵᠠᠷ᠎ᠢ ᠴᠡᠪᠡᠷᠰᠢᠭᠦᠯᠬᠦ ᠢᠨᠵᠧᠨᠧᠷᠢᠩ᠂ ᠶᠡᠬᠡ ᠲᠦᠷᠭᠡᠨ ᠭᠣᠣᠯ (ᠵᠡᠭᠦᠨ ᠬᠣᠲᠠ ᠳᠤᠭᠤᠢ᠌ᠯᠠᠭᠰᠠᠨ ᠵᠠᠮ᠎ᠠᠴᠠ ᠬᠣᠷᠴᠢᠨ ᠵᠠᠮ ᠬᠦᠷᠬᠦ ᠬᠡᠰᠡᠭ)᠎ᠤᠨ ᠰᠠᠪᠠ ᠭᠠᠵᠠᠷ᠎ᠤᠨ ᠠᠮᠢ ᠠᠬᠤᠢ ᠵᠢ ᠰᠡᠷᠭᠦᠭᠡᠬᠦ ᠢᠨᠵᠧᠨᠧᠷᠢᠩ᠂ ᠲᠦᠸᠧ ᠴᠢᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠤᠯᠠ ᠳᠠᠮᠵᠢᠭᠤᠯᠬᠤ ᠳᠠᠬᠢᠯᠲᠠ ᠤᠰᠤᠨ᠎ᠤ ᠬᠣᠭᠣᠯᠠᠢ ᠱᠤᠭᠤᠮ᠎ᠤᠨ ᠢᠨᠵᠧᠨᠧᠷᠢᠩ ᠵᠡᠷᠭᠡ ᠲᠥᠷᠥᠯ ᠵᠦᠢ᠍ᠯ᠎ᠢ ᠲᠥᠯᠥᠪᠯᠡᠵᠦ᠂ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ᠎ᠪᠠᠷ ᠳᠡᠮᠵᠢᠨ᠂ ᠳᠠᠬᠢᠯᠲᠠ ᠤᠰᠤᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠳᠠᠬᠢᠯᠲᠠ ᠤᠰᠤ ᠵᠢ ᠡᠷᠭᠢᠯᠳᠦᠭᠦᠯᠦᠨ ᠠᠰᠢᠭᠯᠠᠬᠤ ᠮᠡᠷᠭᠡᠵᠢᠯ᠎ᠤᠨ ᠰᠢᠰᠲ᠋ᠧᠮ᠂ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠳᠠᠬᠢᠯᠲᠠ ᠤᠰᠤᠨ᠎ᠤ ᠬᠠᠩᠭ᠋ᠠᠯᠭ᠎ᠠ ᠬᠡᠷᠡᠭᠴᠡᠭᠡ ᠵᠢ ᠤᠷᠮᠠᠰᠢᠭᠤᠯᠵᠤ ᠬᠥᠲᠥᠯᠥᠨ ᠵᠢᠯᠤᠭᠣᠳᠬᠤ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ 2025 ᠣᠨ ᠪᠣᠯᠬᠤ᠎ᠳᠤ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 35%᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠡᠯᠪᠡᠷᠢᠴᠢ ᠦᠵᠡᠯ᠎ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠦᠨ᠎ᠡ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠬᠠᠮ ᠠᠷᠭ᠎ᠠ》 ᠠᠪᠴᠤ ᠰᠠᠴᠤᠷᠠᠭ᠎ᠤᠨ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ
ᠤᠯᠠᠭ᠋ᠠᠨᠬᠠᠳᠠ ᠬᠣᠲᠠ ᠬᠢᠭᠡᠳ ᠴᠧᠩᠳᠧ ᠬᠣᠲᠠ ᠬᠠᠮᠲᠤᠷᠠᠨ ᠨᠢᠭᠡᠳᠦᠭᠡᠷ ᠤᠯᠠᠷᠢᠯ᠎ᠤᠨ ᠵᠠᠭ᠋ᠠᠭ ᠠᠯᠤᠰᠯᠠᠭᠰᠠᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠶᠠᠰᠤ ᠴᠢᠨᠠᠷ᠎ᠤᠨ ᠬᠠᠮᠢᠶᠠᠷᠤᠯᠲᠠ ᠵᠢᠨ ᠪᠤᠯᠪᠠᠰᠤᠷᠠᠯ ᠬᠢᠵᠡᠢ
 
             蒙ICP备05000248号