ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠬᠠᠮ ᠠᠷᠭ᠎ᠠ》 ᠠᠪᠴᠤ ᠰᠠᠴᠤᠷᠠᠭ᠎ᠤᠨ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2024-04-16

      ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠭ᠋ᠠᠨᠬᠠᠳᠠ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠡᠭᠦᠷᠭᠡ ᠴᠢᠳᠠᠪᠤᠷᠢ᠎ᠳᠠᠭᠠᠨ ᠰᠠᠭᠤᠷᠢᠯᠠᠨ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ᠎ᠪᠠᠷ ᠠᠵᠢᠯ ᠶᠠᠪᠤᠳᠠᠯ ᠬᠢᠵᠦ᠂ 《ᠳᠡᠰ ᠳᠠᠷᠠᠭ᠋ᠠᠯᠠᠯ᠎ᠢ ᠰᠢᠯᠢᠳᠡᠭᠵᠢᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠦᠢ᠍ᠯᠡᠴᠢᠯᠡᠭᠡ ᠵᠢ ᠴᠢᠩᠭ᠋ᠠᠳᠬᠠᠬᠤ》 ᠬᠠᠮ ᠠᠷᠭ᠎ᠠ ᠬᠡᠮᠵᠢᠶ᠎ᠡ ᠠᠪᠴᠤ᠂ ᠰᠠᠴᠤᠷᠠᠭ᠎ᠤᠨ ᠠᠮᠤᠷ ᠲᠦᠪᠰᠢᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃
      ᠨᠢᠭᠡ᠎ᠳᠤ ᠶᠠᠪᠤᠴᠠ ᠵᠢ ᠰᠢᠯᠢᠳᠡᠭᠵᠢᠭᠦᠯᠪᠡ᠃ ᠲᠡᠷᠢᠭᠦᠨ᠎ᠤ᠎ᠬᠢ᠎ᠲᠠᠢ ᠪᠠᠷᠢᠮᠵᠢᠶᠠᠯᠠᠨ ᠬᠠᠷᠭᠤᠭᠤᠯᠵᠤ᠂ ᠬᠢᠨᠠᠨ ᠵᠥᠪᠰᠢᠶᠡᠷᠡᠬᠦ ᠶᠠᠪᠤᠴᠠ ᠵᠢ ᠤᠯᠠᠮ ᠨᠢᠭᠡ ᠠᠯᠬᠤᠮ ᠳᠥᠭᠥᠮᠴᠢᠯᠡᠨ ᠰᠢᠯᠤᠭᠤᠳᠬᠠᠵᠤ᠂ ᠭᠤᠶᠤᠴᠢᠯᠠᠬᠤ ᠮᠠᠲ᠋ᠧᠷᠢᠶᠠᠯ᠎ᠤᠨ ᠴᠢᠬᠤᠯᠠ ᠨᠥᠬᠥᠴᠡᠯ᠎ᠢ ᠴᠣᠮᠬᠠᠳᠬᠠᠵᠤ᠂ ᠮᠠᠲ᠋ᠧᠷᠢᠶᠠᠯ᠎ᠤᠨ ᠴᠢᠬᠤᠯᠠ ᠨᠥᠬᠥᠴᠡᠯ᠎ᠢ ᠬᠠᠮᠤᠭ ᠢᠯᠡᠭᠦᠦ᠎ᠳᠡᠭᠡᠨ 6 ᠬᠤᠪᠢ ᠪᠣᠯᠭ᠋ᠠᠨ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠵᠢ ᠪᠠᠭ᠋ᠠᠰᠬᠠᠨ᠂ ᠰᠢᠢ᠍ᠳᠪᠦᠷᠢᠯᠡᠵᠦ ᠳᠠᠭᠤᠰᠬᠠᠬᠤ ᠴᠠᠭ ᠬᠤᠭᠤᠴᠠᠭ᠎ᠠ ᠵᠢ 3 ᠠᠵᠢᠯᠯᠠᠬᠤ ᠡᠳᠦᠷ ᠪᠠᠢ᠌ᠭᠰᠠᠨ᠎ᠢ ᠪᠠᠷᠢᠨ ᠭᠦᠢ᠍ᠴᠡᠳᠬᠡᠬᠦ ᠵᠦᠢ᠍ᠯ ᠪᠣᠯᠭ᠋ᠠᠨ ᠥᠭᠡᠷᠡᠴᠢᠯᠡᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠲᠤᠬᠠᠢ᠌ᠯᠠᠭᠰᠠᠨ ᠠᠵᠢᠯ᠎ᠢ 《ᠭᠦᠢ᠍ᠴᠡᠳᠬᠡᠵᠦ ᠳᠡᠢ᠌ᠯᠬᠦ》 ᠪᠠᠢ᠌ᠭᠰᠠᠨ᠎ᠠᠴᠠ 《ᠰᠢᠢ᠍ᠳᠪᠦᠷᠢᠯᠡᠬᠦ᠎ᠳᠤ ᠠᠮᠠᠷ》 ᠪᠣᠯᠭ᠋ᠠᠨ ᠬᠤᠪᠢᠷᠠᠭᠤᠯᠪᠠ᠃
      ᠬᠣᠶᠠᠷ᠎ᠲᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠠᠵᠢᠯ᠎ᠤᠨ ᠪᠣᠳᠠᠲᠤ ᠪᠠᠶ᠋ᠢᠳᠠᠯ ᠪᠠ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢ ᠲᠤᠬᠠᠢ᠌ᠯᠠᠭᠰᠠᠨ ᠠᠵᠢᠯ᠎ᠯᠤᠭ᠎ᠠ ᠭᠦᠨᠵᠡᠭᠡᠢ ᠠᠭᠤᠰᠤᠯᠴᠠᠭᠤᠯᠬᠤ ᠵᠢ ᠢᠳᠡᠪᠬᠢᠲᠡᠢ ᠠᠬᠢᠭᠤᠯᠵᠤ᠂ ᠭᠤᠶᠤᠴᠢᠯᠠᠭᠴᠢ ᠵᠢᠨ ᠠᠵᠢᠯ ᠶᠠᠪᠤᠳᠠᠯ ᠭᠦᠢ᠍ᠴᠡᠳᠬᠡᠬᠦ ᠵᠢᠨ ᠬᠦᠴᠢᠷᠳᠡᠯ᠂ ᠲᠦᠭᠵᠢᠷᠡᠯ᠂ ᠮᠡᠳᠡᠬᠦ ᠦᠭᠡᠢ ᠵᠦᠢ᠍ᠯᠡᠰ᠎ᠲᠤ ᠬᠠᠯᠠᠰᠢᠷᠠᠯ ᠦᠭᠡᠢ ᠬᠠᠷᠢᠭᠤᠯᠲᠠ ᠥᠭᠴᠦ᠂ ᠨᠢᠭᠡ ᠯᠡ ᠤᠳᠠᠭ᠎ᠠ᠎ᠳᠤ ᠮᠡᠳᠡᠭᠳᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠂ ᠠᠵᠢᠯ ᠶᠠᠪᠤᠳᠠᠯ ᠭᠦᠢ᠍ᠴᠡᠳᠬᠡᠬᠦ ᠤᠯᠠᠨ ᠲᠦᠮᠡᠨ᠎ᠢ 《ᠬᠠᠮᠤᠭ᠎ᠤᠨ ᠤᠯᠠᠨ᠎ᠳᠠᠭᠠᠨ ᠨᠢᠭᠡ ᠯᠡ ᠤᠳᠠᠭ᠎ᠠ᠎ᠳᠤ ᠭᠦᠶᠦᠯᠭᠡᠬᠦ》 《ᠨᠢᠭᠡ ᠯᠡ ᠤᠳᠠᠭ᠎ᠠ᠎ᠳᠤ ᠰᠠᠶ᠋ᠢᠲᠤᠷ ᠭᠦᠢ᠍ᠴᠡᠳᠬᠡᠬᠦ》 ᠪᠣᠯᠭ᠋ᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠪᠦᠲᠦᠮᠵᠢᠲᠡᠢ᠎ᠪᠠᠷ ᠳᠡᠭᠡᠭᠰᠢᠯᠡᠭᠦᠯᠪᠡ᠃
      ᠭᠤᠷᠪᠠ᠎ᠳᠤ ᠦᠢ᠍ᠯᠡᠴᠢᠯᠡᠭᠡ ᠵᠢ ᠴᠢᠩᠭ᠋ᠠᠳᠬᠠᠪᠠ᠃ ᠦᠢ᠍ᠯᠡᠴᠢᠯᠡᠭᠡᠨ᠎ᠤ ᠣᠢ᠌ᠯᠠᠭ᠋ᠠᠭᠳᠠᠬᠤᠨ᠎ᠢ ᠭᠦᠨᠵᠡᠭᠡᠢ᠌ᠷᠡᠭᠦᠯᠦᠨ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ 《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》 ᠵᠢᠨ ᠦᠢ᠍ᠯᠡᠴᠢᠯᠡᠭᠡ ᠵᠢ ᠥᠷᠨᠢᠭᠦᠯᠵᠦ᠂ ᠭᠤᠶᠤᠴᠢᠯᠠᠭᠰᠠᠨ ᠨᠢᠭᠡᠴᠢ ᠭᠤᠶᠤᠴᠢᠯᠠᠬᠤ ᠬᠡᠷᠡᠭᠴᠡᠭᠡ ᠱᠠᠭ᠋ᠠᠷᠳᠠᠯᠭ᠎ᠠ᠎ᠲᠠᠢ ᠪᠠᠶ᠋ᠢᠬᠤ ᠵᠢ ᠣᠢ᠌ᠯᠠᠭ᠋ᠠᠬᠤ ᠦᠶᠡᠰ᠂ ᠤᠷᠢᠳᠴᠢᠯᠠᠨ ᠣᠷᠣᠯᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠪᠠ ᠵᠢᠯᠣᠭᠣᠳᠤᠯᠭ᠎ᠠ ᠵᠢ ᠬᠠᠩᠭ᠋ᠠᠵᠤ᠂ ᠲᠡᠳᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠬᠦᠴᠢᠷᠳᠡᠯ᠎ᠢ ᠴᠠᠭ ᠲᠤᠬᠠᠢ᠎ᠳᠤᠨᠢ ᠣᠢ᠌ᠯᠠᠭ᠋ᠠᠬᠤ ᠵᠢᠨ ᠬᠠᠮᠲᠤ ᠬᠠᠪᠰᠤᠷᠬᠤ ᠪᠠ ᠰᠢᠢ᠍ᠳᠪᠦᠷᠢᠯᠡᠬᠦ ᠲᠥᠰᠥᠯ ᠬᠠᠩᠭ᠋ᠠᠵᠤ᠂ ᠦᠢ᠍ᠯᠡᠴᠢᠯᠡᠭᠡᠨ᠎ᠤ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ
ᠤᠯᠠᠭ᠋ᠠᠨᠬᠠᠳᠠ ᠬᠣᠲᠠ ᠬᠢᠭᠡᠳ ᠴᠧᠩᠳᠧ ᠬᠣᠲᠠ ᠬᠠᠮᠲᠤᠷᠠᠨ ᠨᠢᠭᠡᠳᠦᠭᠡᠷ ᠤᠯᠠᠷᠢᠯ᠎ᠤᠨ ᠵᠠᠭ᠋ᠠᠭ ᠠᠯᠤᠰᠯᠠᠭᠰᠠᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠶᠠᠰᠤ ᠴᠢᠨᠠᠷ᠎ᠤᠨ ᠬᠠᠮᠢᠶᠠᠷᠤᠯᠲᠠ ᠵᠢᠨ ᠪᠤᠯᠪᠠᠰᠤᠷᠠᠯ ᠬᠢᠵᠡᠢ
ᠣᠶᠤᠨᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠬᠢᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠤᠢ ᠪᠣᠯᠭ᠋ᠠᠵᠤ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
 
             蒙ICP备05000248号