ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠡᠯᠪᠡᠷᠢᠴᠢ ᠦᠵᠡᠯ᠎ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠬᠦᠯᠢᠶᠡᠰᠦ ᠵᠢ ᠰᠤᠯᠠᠷᠠᠭᠤᠯᠵᠤ ᠳᠠᠷᠤᠭ᠋ᠠᠰᠤ ᠵᠢ ᠬᠥᠩᠭᠡᠷᠡᠭᠦᠯᠦᠨ᠎ᠡ
ᠨᠡᠶ᠋ᠢᠲᠡᠯᠡᠭᠰᠡᠨ ᠴᠠᠭ᠄ 2024-04-16

      ᠣᠢ᠌ᠷ᠎ᠠ ᠵᠢᠨ ᠵᠢᠯ᠎ᠠᠴᠠ᠂ ᠤᠯᠠᠭ᠋ᠠᠨᠴᠠᠪ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠪᠠᠷ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠢ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠰᠤᠷᠲᠠᠯ᠎ᠢ ᠬᠤᠪᠢᠷᠠᠭᠤᠯᠬᠤ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠢ ᠠᠵᠢᠯᠯᠠᠭ᠎ᠠ ᠵᠢᠨ ᠦᠷ᠎ᠡ ᠪᠦᠲᠦᠮᠵᠢ ᠵᠢ ᠭᠦᠨᠵᠡᠭᠡᠢ᠌ᠷᠡᠭᠦᠯᠵᠦ᠂ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠴᠡᠭᠴᠡᠯᠡᠨ ᠵᠠᠰᠠᠬᠤ ᠬᠡᠯᠪᠡᠷᠢᠴᠢ ᠦᠵᠡᠯ᠎ᠢ ᠴᠡᠭᠴᠡᠯᠡᠨ ᠵᠠᠰᠠᠬᠤ᠎ᠪᠠᠷ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠢ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠪᠠ᠃
      ᠨᠢᠭᠡ᠎ᠳᠤ᠂ ᠠᠵᠢᠯ᠎ᠤᠨ ᠲᠡᠰ ᠳᠠᠷᠠᠭ᠋ᠠᠯᠠᠯ᠎ᠢ ᠳᠥᠭᠥᠮᠴᠢᠯᠡᠪᠡ᠃ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠵᠤ ᠶᠠᠪᠤᠭᠤᠯᠬᠤ ᠬᠠᠮᠢᠶ᠎ᠠ ᠪᠦᠬᠦᠢ ᠲᠠᠰ ᠳᠠᠷᠠᠭ᠋ᠠᠯᠠᠯ᠎ᠢ ᠦᠷᠭᠦᠯᠵᠢᠯᠡᠨ ᠴᠢᠩᠭ᠎ᠠ ᠭᠦᠢ᠍ᠴᠡᠳᠬᠡᠵᠦ᠂ ᠪᠢᠴᠢᠭ ᠮᠠᠲ᠋ᠧᠷᠢᠶᠠᠯ ᠶᠠᠪᠤᠭᠤᠯᠬᠤ ᠲᠣᠭ᠎ᠠ ᠬᠡᠮᠵᠢᠶ᠎ᠡ ᠵᠢ ᠡᠵᠡᠮᠳᠡᠪᠡ᠃ ᠬᠤᠷᠠᠯ᠎ᠢ ᠬᠢᠨᠠᠨ ᠵᠥᠪᠰᠢᠶᠡᠷᠡᠬᠦ ᠶᠠᠪᠤᠴᠠ ᠵᠢ ᠴᠢᠩᠭ᠎ᠠ ᠡᠵᠡᠮᠳᠡᠵᠦ᠂ ᠬᠤᠷᠠᠯ ᠬᠢᠬᠦ ᠦᠭᠡᠢ ᠪᠣᠯᠪᠠᠴᠤ ᠪᠣᠯᠬᠤ ᠵᠦᠢ᠍ᠯ᠎ᠢ ᠴᠥᠮ ᠬᠤᠷᠠᠯ ᠬᠢᠬᠦ ᠦᠭᠡᠢ ᠪᠠᠢ᠌ᠵᠤ᠂ ᠴᠢᠳᠠᠬᠤ ᠵᠢᠨ ᠳᠣᠲᠣᠷ᠎ᠠ ᠸᠢᠳᠢᠤ᠋ ᠬᠤᠷᠠᠯ᠎ᠤᠨ ᠬᠡᠯᠪᠡᠷᠢ᠎ᠪᠠᠷ ᠬᠤᠷᠠᠯᠳᠤᠭᠤᠯᠵᠤ᠂ ᠬᠤᠷᠠᠯ᠎ᠤᠨ ᠴᠠᠭ᠎ᠢ ᠪᠠᠭ᠋ᠠᠰᠬᠠᠵᠤ᠂ ᠬᠤᠷᠠᠯ᠎ᠤᠨ ᠠᠭᠤᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠪᠡ᠃ ᠳ᠋ᠢᠶᠠᠩᠬᠤᠸᠠ᠎ᠪᠠᠷ ᠨᠡᠪᠲᠡᠷᠡᠯᠴᠡᠬᠦ ᠵᠡᠷᠭᠡ ᠬᠡᠯᠪᠡᠷᠢ᠎ᠪᠠᠷ ᠵᠣᠬᠢᠴᠠᠭᠤᠯᠬᠤ ᠠᠵᠢᠯ᠎ᠢ ᠪᠠᠷᠢᠮᠲᠠᠯᠠᠨ᠂ ᠠᠰᠠᠭᠤᠳᠠᠯ᠎ᠢ ᠰᠢᠢ᠍ᠳᠪᠦᠷᠢᠯᠡᠵᠦ᠂ OA᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠪᠲᠡᠷᠬᠡᠢ ᠮᠡᠳᠡᠭᠡ ᠵᠡᠷᠭᠡ ᠠᠯᠪᠠᠯᠠᠬᠤ ᠰᠢᠰᠲ᠋ᠧᠮ᠎ᠢ ᠰᠠᠶ᠋ᠢᠲᠤᠷ ᠠᠰᠢᠭᠯᠠᠨ ᠨᠢᠭᠤᠴᠠ᠎ᠳᠤ ᠦᠯᠦ ᠬᠣᠯᠪᠣᠭᠳᠠᠬᠤ ᠪᠢᠴᠢᠭ ᠮᠠᠲ᠋ᠧᠷᠢᠶᠠᠯ᠎ᠢ ᠮᠡᠳᠡᠭᠦᠯᠦᠨ ᠬᠦᠷᠭᠡᠵᠦ᠂ ᠦᠨᠳᠦᠰᠦᠨ ᠱᠠᠲᠤᠨ᠎ᠤ ᠺᠠᠳ᠋ᠷᠴᠤᠳ᠎ᠢ ᠳᠤᠲᠠᠭᠤ ᠭᠦᠶᠦᠯᠭᠡᠬᠦ ᠵᠢ ᠦᠨᠡᠨ ᠬᠦ᠌ ᠪᠡᠶᠡᠯᠡᠭᠦᠯᠪᠡ᠃ 《ᠲᠠᠭ᠎ᠠ ᠵᠢᠨ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠢ ᠨᠢᠭᠡ ᠴᠣᠭᠴᠠᠵᠢᠭᠤᠯᠤᠨ ᠬᠢᠨᠠᠨ ᠬᠡᠮᠵᠢᠬᠦ ᠪᠠ ᠰᠢᠢ᠍ᠳᠪᠦᠷᠢᠲᠦ ᠪᠣᠳᠣᠯᠭ᠎ᠠ ᠵᠢᠨ ᠳᠡᠮᠵᠢᠯᠭᠡ ᠦᠵᠡᠭᠦᠯᠬᠦ ᠲᠠᠪᠴᠠᠩ》᠎ᠤᠨ ᠪᠠᠢ᠌ᠭᠤᠯᠤᠯᠲᠠ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠰᠢᠯᠵᠢᠭᠦᠯᠦᠨ ᠠᠪᠬᠤ᠎ᠳᠤ ᠲᠥᠬᠥᠮ ᠦᠵᠡᠭᠦᠯᠬᠦ ᠦᠢ᠍ᠯᠡᠴᠢᠯᠡᠭᠡ ᠬᠠᠩᠭ᠋ᠠᠵᠤ᠂ ᠰᠢᠯᠵᠢᠭᠦᠯᠦᠨ ᠠᠪᠬᠤ ᠳᠡᠰ ᠳᠠᠷᠠᠭ᠋ᠠᠯᠠᠯ᠎ᠢ ᠴᠣᠮᠬᠠᠳᠬᠠᠪᠠ᠃
      ᠬᠣᠶᠠᠷ᠎ᠲᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠢᠯᠢᠳᠡᠭᠵᠢᠭᠦᠯᠪᠡ᠃ ᠤᠯᠠᠨ ᠲᠦᠮᠡᠨ᠎ᠤ 《ᠰᠠᠨᠠᠭ᠎ᠠ ᠵᠣᠪᠠᠬᠤ ᠶᠠᠪᠤᠳᠠᠯ᠂ ᠪᠤᠬᠢᠨᠢᠳᠤᠬᠤ ᠶᠠᠪᠤᠳᠠᠯ᠂ ᠵᠢᠷᠦᠬᠡ ᠰᠢᠮᠰᠢᠷᠡᠬᠦ ᠶᠠᠪᠤᠳᠠᠯ》᠎ᠢ ᠠᠩᠬᠠᠷᠴᠤ᠂ ᠨᠠᠷᠢᠯᠢᠭ ᠣᠨᠣᠪᠴᠢᠲᠠᠢ᠎ᠪᠠᠷ ᠬᠦᠴᠦᠯᠡᠵᠦ᠂ ᠤᠷᠢᠳᠴᠢᠯᠠᠨ ᠪᠣᠯᠵᠣᠬᠤ ᠮᠠᠶᠢᠭ᠎ᠤᠨ ᠬᠠᠪᠰᠤᠷᠤᠨ ᠭᠦᠢ᠍ᠴᠡᠳᠬᠡᠬᠦ᠂ ᠤᠷᠢᠳᠴᠢᠯᠠᠨ ᠪᠣᠯᠵᠣᠬᠤ ᠮᠠᠶᠢᠭ᠎ᠤᠨ ᠭᠡᠷ᠎ᠲᠤᠨᠢ ᠬᠦᠷᠴᠦ ᠣᠴᠢᠬᠤ᠂ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠬᠦ ᠵᠡᠷᠭᠡ ᠠᠷᠭ᠎ᠠ ᠮᠠᠶᠢᠭ ᠵᠶ᠋ᠠᠷ ᠤᠯᠠᠨ ᠲᠦᠮᠡᠨ᠎ᠳᠤ ᠦᠢ᠍ᠯᠡᠴᠢᠯᠡᠵᠦ᠂ ᠠᠷᠠᠳ ᠤᠯᠠᠨ᠎ᠤ ᠬᠠᠨᠤᠮᠵᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ ᠪᠥᠬᠥ ᠬᠣᠲᠠ ᠵᠢᠨ ᠡᠯ᠎ᠡ ᠲᠥᠷᠥᠯ᠎ᠤᠨ ᠠᠵᠤ ᠠᠬᠤᠢ᠌ᠯᠠᠯ᠂ ᠲᠥᠷᠥᠯ ᠵᠦᠢ᠍ᠯ᠎ᠳᠤ ᠲᠥᠷᠥᠯ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠤ ᠠᠰᠠᠭᠤᠳᠠᠯ᠎ᠤᠨ ᠲᠤᠰᠬᠠᠢ ᠵᠠᠰᠠᠯᠲᠠ ᠵᠢ ᠥᠷᠨᠢᠭᠦᠯᠦᠨ᠂ ᠭᠣᠣᠯᠳᠠᠯᠭ᠎ᠠ᠎ᠲᠠᠢ ᠲᠥᠷᠥᠯ ᠵᠦᠢ᠍ᠯ ᠪᠠ ᠠᠵᠤ ᠠᠬᠤᠢ᠌ᠯᠠᠯ᠎ᠳᠤ 《ᠨᠢᠭᠡ ᠵᠢ ᠨᠢᠭᠡ᠎ᠪᠠᠷ》 ᠬᠠᠪᠰᠤᠷᠤᠨ ᠲᠡᠳᠬᠦᠬᠦ ᠵᠢ ᠬᠡᠷᠡᠭᠵᠢᠭᠦᠯᠵᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠥᠷᠥᠯ ᠵᠦᠢ᠍ᠯ ᠵᠶ᠋ᠡᠷ ᠮᠡᠳᠡᠭᠦᠯᠬᠦ᠎ᠳᠤ ᠲᠥᠷᠥ ᠵᠢᠨ ᠪᠣᠳᠣᠯᠭ᠎ᠠ᠂ ᠪᠠᠷᠢᠮᠵᠢᠶ᠎ᠠ ᠬᠦᠷᠭᠡᠪᠡ; ᠪᠣᠬᠢᠷᠲᠤᠯ ᠵᠶ᠋ᠠᠷ ᠬᠥᠩᠭᠡᠨ᠂ ᠣᠷᠴᠢᠨ ᠲᠣᠭᠣᠷᠢᠨ᠎ᠤ ᠨᠥᠯᠥᠭᠡᠯᠡᠯ ᠵᠶ᠋ᠡᠷ ᠪᠠᠭ᠎ᠠ ᠳᠦᠷᠦᠯ ᠵᠦᠢ᠍ᠯ᠎ᠳᠤ ᠳᠤᠲᠠᠭᠤ ᠵᠢ᠎ᠨᠢ ᠬᠦᠯᠢᠶᠡᠨ ᠠᠪᠴᠤ ᠰᠢᠢ᠍ᠳᠪᠦᠷᠢᠯᠡᠬᠦ ᠪᠠ ᠠᠮᠠᠯᠠᠯᠲᠠ ᠵᠢ᠎ᠨᠢ ᠮᠡᠳᠡᠭᠳᠡᠵᠦ ᠬᠢᠨᠠᠨ ᠵᠥᠪᠰᠢᠶᠡᠷᠡᠭᠦᠯᠬᠦ ᠠᠷᠭ᠎ᠠ ᠵᠢ ᠠᠪᠴᠤ᠂ ᠪᠦᠲᠦᠭᠡᠨ ᠪᠠᠢ᠌ᠭᠤᠯᠵᠤ ᠠᠰᠢᠭᠯᠠᠯᠲᠠ᠎ᠳᠤ ᠣᠷᠣᠭᠤᠯᠬᠤ ᠳᠦᠷᠦᠯ ᠵᠦᠢ᠍ᠯ᠎ᠳᠤ ᠬᠢᠨᠠᠨ ᠬᠡᠮᠵᠢᠯᠲᠡ ᠬᠦᠷᠭᠡᠵᠦ᠂ ᠦᠢ᠍ᠯᠡᠴᠢᠯᠡᠭᠡ ᠬᠠᠩᠭ᠋ᠠᠵᠤ᠂ ᠤᠯᠠᠨ ᠲᠦᠮᠡᠨ᠎ᠢ ᠦᠨᠡᠨᠬᠦ ᠳᠤᠲᠠᠭᠤ ᠭᠦᠶᠦᠯᠭᠡᠵᠦ᠂ ᠲᠦᠷᠭᠡᠨ ᠭᠦᠢ᠍ᠴᠡᠳᠬᠡᠭᠦᠯᠵᠦ᠂ ᠤᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠳᠠᠰᠤᠷᠠᠯᠳᠠ ᠦᠭᠡᠢ ᠳᠡᠭᠡᠭᠰᠢᠯᠡᠭᠦᠯᠪᠡ᠃
      ᠭᠤᠷᠪᠠ᠎ᠳᠤ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠪᠠ᠃ ᠲᠣᠪᠴᠢᠶ᠎ᠠ᠎ᠳᠤ ᠬᠠᠷᠢᠶᠠᠯᠠᠭᠳᠠᠬᠤ ᠡᠯ᠎ᠡ ᠨᠢᠭᠡᠴᠢ ᠵᠢᠨ ᠦᠨᠳᠦᠰᠦᠨ ᠱᠠᠲᠤᠨ᠎ᠤ ᠡᠭᠦᠷᠭᠡᠯᠡᠵᠦ ᠪᠠᠢ᠌ᠭ᠎ᠠ ᠠᠰᠠᠭᠤᠳᠠᠯ᠎ᠢ ᠲᠤᠰᠬᠠᠢ᠌ᠯᠠᠨ ᠵᠠᠰᠠᠬᠤ ᠠᠵᠢᠯ᠎ᠢ ᠬᠢᠨᠠᠮᠠᠭ᠋ᠠᠢ ᠥᠷᠨᠢᠭᠦᠯᠬᠦ ᠵᠢ ᠦᠷᠭᠦᠯᠵᠢᠯᠡᠨ ᠱᠠᠯᠠᠪᠳᠠᠭᠤᠯᠤᠨ ᠵᠢᠯᠤᠭᠣᠳᠴᠤ᠂ ᠥᠪᠡᠷ᠎ᠲᠡᠭᠡᠨ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠳᠤ ᠡᠬᠡ ᠲᠠᠩᠰᠠ ᠪᠠᠢ᠌ᠭᠤᠯᠤᠨ᠂ ᠲᠡᠷᠡ ᠳᠠᠷᠤᠢ᠎ᠳᠤᠨᠢ ᠬᠡᠷᠡᠭᠵᠢᠭᠦᠯᠵᠦ ᠲᠡᠷᠡ ᠳᠠᠷᠤᠢ᠎ᠳᠤᠨᠢ ᠵᠠᠰᠠᠵᠤ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠰᠢᠰᠲ᠋ᠧᠮ᠎ᠢ ᠪᠠᠢ᠌ᠭᠤᠯᠵᠤ᠂ ᠡᠯ᠎ᠡ ᠰᠠᠯᠠᠭ᠎ᠠ ᠲᠠᠰᠤᠭ᠎ᠤᠨ ᠲᠤᠬᠠᠢ᠌ᠯᠠᠭᠰᠠᠨ ᠠᠵᠢᠯ᠎ᠤᠨ ᠬᠢᠨᠠᠨ ᠰᠢᠯᠭ᠋ᠠᠯᠲᠠ ᠵᠢ ᠡᠳᠦᠷ ᠲᠤᠲᠤᠮ᠎ᠤᠨ ᠡᠵᠡᠮᠰᠢᠭᠰᠡᠨ ᠪᠠᠶ᠋ᠢᠳᠠᠯ ᠵᠶ᠋ᠠᠷ ᠦᠨᠳᠦᠰᠦᠯᠡᠯ ᠪᠣᠯᠭ᠋ᠠᠵᠤ᠂ ᠡᠯ᠎ᠡ ᠳᠦᠷᠦᠯ᠎ᠤᠨ ᠪᠠᠢ᠌ᠴᠠᠭ᠋ᠠᠯᠲᠠ ᠵᠢ ᠨᠢᠭᠡᠳᠦᠯᠲᠡᠢ ᠲᠥᠯᠥᠪᠯᠡᠨ᠂ ᠳᠠᠪᠬᠤᠷᠳᠠᠭᠤᠯᠤᠨ ᠪᠠᠢ᠌ᠴᠠᠭ᠋ᠠᠬᠤ ᠵᠢ ᠲᠠᠰᠤ ᠵᠣᠭᠰᠣᠭ᠋ᠠᠵᠤ᠂ ᠦᠨᠳᠦᠰᠦᠨ ᠱᠠᠲᠤᠨ᠎ᠳᠤ ᠨᠡᠩ ᠤᠯᠠᠨ ᠴᠠᠭ ᠪᠠ ᠣᠶᠤᠨ ᠴᠢᠳᠠᠯ ᠵᠶ᠋ᠠᠨ ᠭᠠᠷᠭ᠋ᠠᠵᠤ ᠨᠠᠢ᠌ᠳᠠᠪᠤᠷᠢᠵᠢᠭᠤᠯᠬᠤ ᠵᠢ ᠠᠳᠬᠤᠬᠤ᠎ᠪᠠᠷ ᠴᠢᠷᠮᠠᠢ᠌ᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠠᠵᠢᠯ ᠬᠢᠵᠦ ᠦᠢ᠍ᠯᠡᠰ ᠪᠣᠰᠬᠠᠬᠤ ᠢᠳᠡᠪᠬᠢᠵᠢᠯ᠎ᠢ ᠬᠥᠭᠵᠢᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠬᠠᠮ ᠠᠷᠭ᠎ᠠ》 ᠠᠪᠴᠤ ᠰᠠᠴᠤᠷᠠᠭ᠎ᠤᠨ ᠠᠮᠤᠷ ᠲᠦᠪᠰᠢᠨ᠎ᠤ ᠬᠢᠨᠠᠨ ᠵᠥᠪᠰᠢᠶᠡᠷᠡᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ
ᠤᠯᠠᠭ᠋ᠠᠨᠬᠠᠳᠠ ᠬᠣᠲᠠ ᠬᠢᠭᠡᠳ ᠴᠧᠩᠳᠧ ᠬᠣᠲᠠ ᠬᠠᠮᠲᠤᠷᠠᠨ ᠨᠢᠭᠡᠳᠦᠭᠡᠷ ᠤᠯᠠᠷᠢᠯ᠎ᠤᠨ ᠵᠠᠭ᠋ᠠᠭ ᠠᠯᠤᠰᠯᠠᠭᠰᠠᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠶᠠᠰᠤ ᠴᠢᠨᠠᠷ᠎ᠤᠨ ᠬᠠᠮᠢᠶᠠᠷᠤᠯᠲᠠ ᠵᠢᠨ ᠪᠤᠯᠪᠠᠰᠤᠷᠠᠯ ᠬᠢᠵᠡᠢ
ᠣᠶᠤᠨᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠬᠢᠨ᠎ᠠ
 
             蒙ICP备05000248号