ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠬᠤᠷᠠᠯ ᠬᠥᠬᠡᠬᠣᠲᠠ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2024-04-17

      2024 ᠣᠨ᠎ᠤ 3 ᠰᠠᠷ᠎ᠠ ᠵᠢᠨ 29᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ (ᠳᠣᠷᠣᠭᠰᠢ 《ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠵᠥᠪᠯᠡᠯ》 ᠭᠡᠵᠦ ᠲᠣᠪᠴᠢᠯᠠᠨ᠎ᠠ)᠎ᠤᠨ ᠬᠤᠭᠤᠴᠠᠭ᠎ᠠ ᠰᠣᠯᠢᠬᠤ ᠶᠡᠬᠡ ᠬᠤᠷᠠᠯ ᠬᠥᠬᠡᠬᠣᠲᠠ᠎ᠳᠤ ᠤᠷᠤᠭᠰᠢᠲᠠᠢ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠵᠤᠤ ᠱ᠌ᠢ ᠳ᠋ᠧ ᠬᠤᠷᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠵᠥᠪᠯᠡᠯ᠎ᠤᠨ ᠪᠦᠬᠦ ᠭᠡᠰᠢᠭᠦᠳ ᠬᠤᠷᠠᠯ᠎ᠳᠤ ᠣᠷᠣᠯᠴᠠᠪᠠ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠵᠥᠪᠯᠡᠯ᠎ᠤᠨ ᠡᠷᠬᠢᠯᠡᠭᠴᠢ ᠭᠡᠰᠢᠭᠦᠨ ᠵᠣᠣ ᠱ᠌ᠢ ᠳ᠋ᠧ ᠶᠡᠬᠡ ᠬᠤᠷᠠᠯ᠎ᠳᠤ ᠪᠠᠶᠠᠷ᠎ᠤᠨ ᠦᠭᠡ ᠬᠡᠯᠡᠪᠡ᠃ ᠲᠡᠷᠡ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠠᠵᠢᠯ᠎ᠨᠢ ᠠᠮᠢ ᠠᠬᠤᠢ ᠣᠷᠴᠢᠨ ᠲᠣᠭᠣᠷᠢᠨ᠎ᠤ ᠨᠥᠬᠥᠴᠡᠯ᠎ᠤᠨ ᠬᠠᠮᠠᠭ᠋ᠠᠯᠠᠯᠲᠠ ᠵᠢᠨ ᠠᠵᠢᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠎ᠠᠴᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠰᠢᠨ᠎ᠡ ᠪᠠᠶ᠋ᠢᠳᠠᠯ᠎ᠲᠠᠢ ᠨᠢᠭᠲᠠ ᠤᠶᠠᠯᠳᠤᠭᠤᠯᠤᠨ᠂ ᠰᠢᠰᠲ᠋ᠧᠮ᠎ᠨᠢ ᠪᠦᠷᠢᠨ ᠲᠡᠭᠦᠯᠳᠡᠷ᠂ ᠪᠦᠲᠦᠴᠡ᠎ᠨᠢ ᠵᠦᠢ ᠵᠣᠬᠢᠰᠲᠠᠢ᠂ ᠵᠣᠯᠭ᠋ᠠᠯᠳᠤᠭᠤᠯᠤᠨ ᠢᠵᠢ ᠪᠦᠷᠢᠳᠦᠭᠦᠯᠦᠭᠰᠡᠨ᠂ ᠰᠢᠨᠵᠢᠯᠡᠬᠦ ᠤᠬᠠᠭ᠋ᠠᠨᠴᠢ ᠪᠥᠭᠡᠳ ᠴᠢᠩᠭ᠎ᠠ ᠨᠢᠮᠪᠠᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠬᠤ ᠵᠢ ᠠᠬᠢᠭᠤᠯᠵᠤ᠂ ᠪᠠᠷᠢᠮᠵᠢᠶᠠᠵᠢᠭᠤᠯᠤᠯᠲᠠ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠵᠢᠯ᠎ᠳᠠᠬᠢ ᠰᠠᠭᠤᠷᠢᠯᠠᠬᠤ ᠴᠢᠨᠠᠷᠲᠠᠢ᠂ ᠪᠠᠲᠤᠯᠠᠭ᠎ᠠ ᠵᠢᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠵᠢᠴᠢ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠵᠢᠨ ᠪᠠᠷᠢᠮᠵᠢᠶᠠᠵᠢᠭᠤᠯᠤᠯᠲᠠ ᠵᠢᠨ ᠭᠠᠵᠠᠷ᠎ᠤᠨ ᠮᠢ ᠯᠢ ᠬᠤᠭᠤᠴᠠᠭ᠎ᠠ ᠰᠣᠯᠢᠬᠤ ᠴᠣᠬᠣᠯᠠᠪᠤᠷᠢ ᠵᠢᠨ ᠪᠢᠴᠢᠭ ᠮᠠᠲ᠋ᠧᠷᠢᠶᠠᠯ ᠵᠢᠴᠢ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠵᠥᠪᠯᠡᠯ᠎ᠤᠨ ᠭᠡᠰᠢᠭᠦᠳ᠎ᠤᠨ ᠨᠡᠷᠡᠰ᠎ᠢ ᠤᠩᠰᠢᠨ ᠨᠡᠢ᠌ᠲᠡᠯᠡᠪᠡ; ᠠᠮᠢ ᠠᠬᠤᠢ ᠣᠷᠴᠢᠨ ᠲᠣᠭᠣᠷᠢᠨ᠎ᠤ ᠨᠥᠬᠥᠴᠡᠯ᠎ᠤᠨ ᠪᠠᠷᠢᠮᠵᠢᠶ᠎ᠠ ᠵᠢᠨ ᠺᠣᠮᠢᠰ᠎ᠤᠨ ᠨᠠᠷᠢᠨ ᠪᠢᠴᠢᠭ᠎ᠤᠨ ᠳᠠᠷᠤᠭ᠎ᠠ ᠶᠤᠸᠠᠢ ᠼᠠᠢ ᠶᠢᠩ ᠺᠣᠮᠢᠰ᠎ᠤᠨ 2023 ᠣᠨ᠎ᠤ ᠠᠵᠢᠯ᠎ᠤᠨ ᠪᠠᠶ᠋ᠢᠳᠠᠯ᠎ᠢ ᠲᠠᠨᠢᠯᠴᠠᠭᠤᠯᠪᠠ᠃ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠨᠠᠷᠢᠨ ᠪᠢᠴᠢᠭ᠎ᠤᠨ ᠭᠠᠵᠠᠷ᠎ᠤᠨ ᠠᠵᠢᠯ᠎ᠤᠨ ᠳᠦᠷᠢᠮ》᠎ᠢ ᠪᠠᠲᠤᠯᠠᠪᠠ; ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠬᠠᠢ ᠮᠡᠷᠭᠡᠵᠢᠯᠲᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠠᠷᠭ᠎ᠠ》᠎ᠳᠤ ᠲᠠᠢ᠌ᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠢ᠍ᠮᠵᠢᠶ᠎ᠠ ᠮᠡᠳᠡᠭᠦᠯᠬᠦ ᠳᠡᠰ ᠳᠠᠷᠠᠭ᠋ᠠᠯᠠᠯ᠎ᠢ ᠲᠠᠢ᠌ᠯᠪᠤᠷᠢᠯᠠᠵᠠᠢ᠃
      ᠰᠢᠨ᠎ᠡ ᠪᠠᠶ᠋ᠢᠳᠠᠯ᠎ᠤᠨ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠵᠥᠪᠯᠡᠯ᠎ᠠᠴᠠ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠥᠭᠵᠢᠯᠲᠡ ᠵᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠬᠠᠯᠠᠮᠰᠢᠯ ᠠᠰᠠᠭᠤᠳᠠᠯ ᠲᠦᠪᠡᠭᠲᠡᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ᠂ ᠨᠠᠭᠦᠷᠡᠰᠦᠲᠦ᠋ᠷᠦᠭᠴᠢ ᠵᠢᠨ ᠣᠷᠭᠢᠯ ᠬᠡᠮᠵᠢᠭᠳᠡᠯ᠎ᠳᠤ ᠬᠦᠷᠬᠦ᠂ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ᠂ ᠰᠢᠨ᠎ᠡ ᠪᠣᠬᠢᠷᠲᠤᠯ ᠪᠣᠳᠠᠰ ᠪᠠ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ 《ᠬᠠᠶᠠᠭᠳᠠᠮᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ᠂ ᠣᠽᠣᠨ᠎ᠤ ᠵᠠᠰᠠᠯᠲᠠ ᠵᠡᠷᠭᠡ ᠪᠠᠷᠢᠮᠵᠢᠶᠠᠵᠢᠭᠤᠯᠬᠤ ᠪᠦᠲᠦᠭᠡᠨ ᠪᠠᠢ᠌ᠭᠤᠯᠤᠯᠲᠠ ᠵᠢᠨ ᠭᠣᠣᠯᠳᠠᠯᠭ᠎ᠠ᠎ᠳᠤ ᠬᠠᠨᠳᠤᠭᠤᠯᠤᠨ᠂ ᠰᠤᠳᠤᠯᠭ᠋ᠠᠨ ᠪᠠ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠬᠤ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠬᠢᠭᠡᠳ ᠴᠧᠩᠳᠧ ᠬᠣᠲᠠ ᠬᠠᠮᠲᠤᠷᠠᠨ ᠨᠢᠭᠡᠳᠦᠭᠡᠷ ᠤᠯᠠᠷᠢᠯ᠎ᠤᠨ ᠵᠠᠭ᠋ᠠᠭ ᠠᠯᠤᠰᠯᠠᠭᠰᠠᠨ ᠣᠭᠲᠣᠯᠣᠭ᠋ᠠᠰᠤ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠶᠠᠰᠤ ᠴᠢᠨᠠᠷ᠎ᠤᠨ ᠬᠠᠮᠢᠶᠠᠷᠤᠯᠲᠠ ᠵᠢᠨ ᠪᠤᠯᠪᠠᠰᠤᠷᠠᠯ ᠬᠢᠵᠡᠢ
ᠣᠶᠤᠨᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠬᠢᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠤᠢ ᠪᠣᠯᠭ᠋ᠠᠵᠤ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠵᠢᠩᠬᠢᠨᠢ ᠪᠠᠢ᠌ᠭᠤᠯᠤᠭᠳᠠᠪᠠ
 
             蒙ICP备05000248号