ᠣᠢ᠌ᠷ᠎ᠠ᠎ᠳᠤ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠡᠵᠡᠮᠳᠡᠬᠦ ᠲᠥᠪ᠎ᠨᠢ ᠴᠧᠩᠳᠧ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠡᠵᠡᠮᠳᠡᠬᠦ ᠲᠥᠪ᠎ᠲᠠᠢ ᠬᠠᠮᠲᠤᠷᠠᠨ 2024 ᠣᠨ᠎ᠤ ᠨᠢᠭᠡᠳᠦᠭᠡᠷ ᠤᠯᠠᠷᠢᠯ᠎ᠤᠨ ᠮᠤᠵᠢ ᠠᠯᠤᠰᠯᠠᠭᠰᠠᠨ ᠵᠠᠭ᠋ᠠᠭ ᠱᠤᠭᠤᠮ᠎ᠤᠨ ᠤᠰᠤᠨ᠎ᠤ ᠣᠷᠴᠢᠨ ᠲᠣᠭᠣᠷᠢᠨ᠎ᠢ ᠬᠣᠯᠪᠤᠭ᠋ᠠᠯᠠᠨ ᠪᠠᠢ᠌ᠭᠤᠯᠵᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠵᠢ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠯᠢᠶᠣᠤᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠷᠴᠢᠮ᠎ᠢ ᠦᠨᠡᠨ ᠬᠦ᠌ ᠴᠢᠩᠭ᠋ᠠᠷᠠᠭᠤᠯᠵᠤ᠂ ᠵᠠᠭ᠋ᠠᠭ ᠠᠯᠤᠰᠯᠠᠭᠰᠠᠨ ᠤᠰᠤᠨ ᠴᠣᠭᠴᠠ ᠵᠢᠨ ᠤᠰᠤᠨ᠎ᠤ ᠴᠢᠨᠠᠷ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠰᠢᠨᠵᠢᠯᠡᠬᠦ ᠤᠬᠠᠭ᠋ᠠᠨᠴᠢ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠭᠰᠠᠨ ᠪᠠᠢ᠌ᠨ᠎ᠠ᠃
ᠲᠣᠰ ᠤᠳᠠᠭ᠋ᠠᠨ᠎ᠤ ᠬᠠᠮᠲᠤᠷᠠᠭᠰᠠᠨ ᠪᠠᠢ᠌ᠴᠠᠭ᠋ᠠᠨ ᠬᠡᠮᠵᠢᠯᠲᠡ᠎ᠳᠤ᠂ ᠭᠣᠣᠯᠳᠠᠭᠤ ᠾᠧᠪᠧᠢ ᠥᠪᠥᠷ ᠮᠣᠩᠭᠣᠯ᠎ᠤᠨ ᠮᠤᠵᠢ ᠵᠢᠨ ᠵᠠᠭ᠋ᠠᠭ ᠠᠯᠤᠰᠯᠠᠭᠰᠠᠨ ᠭᠣᠣᠯ ᠮᠥᠷᠡᠨ ᠶᠢᠨ ᠾᠧ ᠭᠣᠣᠯ᠂ ᠰᠢᠷᠭ᠎ᠠ ᠵᠢᠨ ᠭᠣᠣᠯ᠎ᠤᠨ 4 ᠣᠭᠲᠣᠯᠣᠭ᠋ᠠᠰᠤ᠎ᠳᠤ ᠬᠠᠮᠲᠤᠷᠠᠭᠰᠠᠨ ᠥᠯᠢᠭᠡᠷ ᠠᠪᠬᠤ ᠬᠢᠨᠠᠨ ᠬᠡᠮᠵᠢᠯᠲᠡ ᠬᠢᠵᠦ᠂ ᠨᠠᠢ᠌ᠳᠠ 3 ᠴᠡᠭ ᠪᠠᠶ᠋ᠢᠷᠢ ᠵᠢᠨ 24 ᠵᠦᠢ᠍ᠯ᠎ᠤᠨ ᠬᠢᠨᠠᠨ ᠬᠡᠮᠵᠢᠯᠲᠡ ᠵᠢᠨ ᠲᠥᠷᠥᠯ ᠵᠦᠢ᠍ᠯ᠎ᠤᠨ ᠤᠰᠤᠨ᠎ᠤ ᠴᠢᠨᠠᠷ᠎ᠤᠨ ᠥᠯᠢᠭᠡᠷ ᠠᠪᠬᠤ ᠬᠢᠨᠠᠨ ᠬᠡᠮᠵᠢᠯᠲᠡ ᠪᠠ 1 ᠴᠡᠭ ᠪᠠᠶ᠋ᠢᠷᠢ ᠵᠢᠨ (ᠤᠰᠤ ᠦᠭᠡᠢ) ᠲᠤᠬᠠᠢ ᠵᠢᠨ ᠲᠠᠯᠠᠪᠤᠷ᠎ᠤᠨ ᠬᠠᠢ᠌ᠨ ᠪᠠᠢ᠌ᠴᠠᠭ᠋ᠠᠯᠲᠠ ᠵᠢ ᠪᠡᠶᠡᠯᠡᠭᠦᠯᠵᠡᠢ᠃ ᠬᠣᠶᠠᠷ ᠲᠠᠯ᠎ᠠ ᠵᠢᠨ ᠬᠢᠨᠠᠨ ᠬᠡᠮᠵᠢᠬᠦ ᠠᠵᠢᠯᠲᠠᠳ ᠲᠤᠬᠠᠢ ᠵᠢᠨ ᠲᠠᠯᠠᠪᠤᠷ᠎ᠲᠤ 《ᠠᠳᠠᠯᠢ ᠨᠢᠭᠡᠨ ᠬᠢᠨᠠᠨ ᠬᠡᠮᠵᠢᠬᠦ ᠴᠠᠭ᠂ ᠠᠳᠠᠯᠢ ᠨᠢᠭᠡᠨ ᠥᠯᠢᠭᠡᠷ ᠠᠪᠬᠤ ᠭᠠᠵᠠᠷ᠂ ᠠᠳᠠᠯᠢ ᠨᠢᠭᠡᠨ ᠵᠠᠳᠠᠯᠤᠯᠲᠠ ᠵᠢᠨ ᠠᠷᠭ᠎ᠠ》 ᠵᠢᠨ 《ᠭᠤᠷᠪᠠᠨ ᠠᠳᠠᠯᠢ》 ᠬᠡᠯᠪᠡᠷᠢ᠎ᠪᠠᠷ ᠤᠰᠤᠨ᠎ᠤ ᠥᠯᠢᠭᠡᠷ ᠠᠪᠬᠤ ᠠᠵᠢᠯ᠎ᠢ ᠥᠷᠨᠢᠭᠦᠯᠵᠦ᠂ ᠲᠤᠬᠠᠢ ᠵᠢᠨ ᠲᠠᠯᠠᠪᠤᠷ᠎ᠤᠨ ᠡᠩ᠎ᠤᠨ ᠬᠢᠨᠠᠨ ᠬᠡᠮᠵᠢᠬᠦ ᠭᠦᠢ᠍ᠴᠡᠳᠬᠡᠯ ᠲᠣᠭ᠎ᠠ ᠵᠢᠨ ᠵᠠᠳᠠᠯᠤᠯᠲᠠ ᠪᠠ ᠲᠣᠭ᠎ᠠ ᠪᠠᠷᠢᠮᠲᠠ ᠵᠢᠨ ᠬᠠᠷᠢᠴᠠᠭᠤᠯᠤᠯ᠎ᠢ ᠪᠡᠶᠡᠯᠡᠭᠦᠯᠬᠦ ᠵᠢᠨ ᠬᠠᠮᠲᠤ᠂ 《ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ》 (HJ91.2 — 2022)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠰᠤᠨ᠎ᠤ ᠶᠠᠩᠵᠤ ᠲᠤᠩᠬᠤ᠂ ᠵᠡᠷᠭᠡᠴᠡᠭᠡ ᠶᠠᠩᠵᠤ ᠴᠤᠭᠯᠠᠭᠤᠯᠬᠤ᠂ ᠲᠣᠭᠲᠠᠮᠠᠯ ᠡᠳ᠋ ᠨᠡᠮᠡᠬᠦ ᠵᠡᠷᠭᠡ ᠵᠢᠷᠤᠮᠵᠢᠭᠰᠠᠨ ᠠᠵᠢᠯᠯᠠᠭ᠎ᠠ ᠵᠢ ᠪᠡᠶᠡᠯᠡᠭᠦᠯᠵᠦ᠂ ᠬᠣᠶᠠᠷ ᠲᠠᠯ᠎ᠠ᠎ᠪᠠᠷ ᠵᠶ᠋ᠠᠨ ᠬᠠᠮᠲᠤᠷᠠᠨ ᠬᠢᠨᠠᠨ ᠬᠡᠮᠵᠢᠭᠰᠡᠨ ᠤᠰᠤᠨ᠎ᠤ ᠴᠢᠨᠠᠷ᠎ᠤᠨ ᠥᠯᠢᠭᠡᠷ ᠠᠪᠬᠤ ᠲᠡᠮᠳᠡᠭᠯᠡᠯ᠎ᠤᠨ ᠬᠦᠰᠦᠨᠦᠭᠲᠦ ᠵᠢ ᠬᠠᠮᠲᠤ᠎ᠪᠠᠷ ᠲᠠᠭᠯᠠᠪᠠ᠃ ᠵᠠᠯᠭ᠋ᠠᠭ᠋ᠠᠳ᠂ ᠲᠣᠰ ᠤᠳᠠᠭ᠋ᠠᠨ᠎ᠤ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠯᠲᠡ ᠵᠢᠴᠢ ᠲᠤᠷᠰᠢᠯᠲᠠ ᠵᠢᠨ ᠲᠠᠰᠤᠭ᠎ᠤᠨ ᠵᠠᠳᠠᠯᠤᠯᠲᠠ ᠵᠢ ᠦᠨᠳᠦᠰᠦᠯᠡᠨ᠂ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ ᠲᠣᠭ᠎ᠠ ᠪᠠᠷᠢᠮᠲᠠ ᠵᠢ ᠬᠠᠷᠢᠴᠠᠭᠤᠯᠬᠤ ᠪᠠ ᠶᠡᠷᠦᠩᠬᠡᠢ᠌ᠯᠡᠨ ᠵᠠᠳᠠᠯᠬᠤ᠎ᠪᠠᠷ ᠳᠠᠮᠵᠢᠭᠤᠯᠤᠨ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠬᠠᠷᠢᠴᠠᠭᠤᠯᠵᠤ ᠪᠣᠯᠬᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠵᠢ ᠠᠬᠢᠭᠤᠯᠵᠤ᠂ ᠭᠣᠣᠯ ᠮᠥᠷᠡᠨ᠎ᠤ ᠶᠡᠷᠦᠩᠬᠡᠢ᠌ᠯᠡᠨ ᠵᠠᠰᠠᠬᠤ᠎ᠳᠤ ᠬᠦᠴᠦᠲᠡᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠪᠠ᠃