ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠶᠠᠰᠤ ᠴᠢᠨᠠᠷ᠎ᠤᠨ ᠬᠠᠮᠢᠶᠠᠷᠤᠯᠲᠠ ᠵᠢᠨ ᠪᠤᠯᠪᠠᠰᠤᠷᠠᠯ ᠬᠢᠵᠡᠢ
ᠨᠡᠶ᠋ᠢᠲᠡᠯᠡᠭᠰᠡᠨ ᠴᠠᠭ᠄ 2024-04-22

      2024 ᠣᠨ᠎ᠤ ᠤᠯᠤᠰ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠ ᠲᠤᠷᠰᠢᠯᠲᠠ ᠵᠢᠨ ᠲᠠᠰᠤᠭ᠎ᠤᠨ ᠵᠥᠪᠰᠢᠶᠡᠷᠡᠯ᠎ᠢ ᠳᠠᠬᠢᠨ ᠬᠢᠨᠠᠨ ᠲᠣᠭᠲᠠᠭ᠋ᠠᠬᠤ ᠵᠢ ᠤᠷᠤᠭᠰᠢᠲᠠᠢ ᠥᠩᠭᠡᠷᠡᠭᠦᠯᠬᠦ ᠵᠢᠨ ᠲᠥᠯᠥᠭᠡ᠂ 3 ᠰᠠᠷ᠎ᠠ ᠵᠢᠨ 21᠎ᠤ ᠡᠳᠦᠷ᠎ᠠᠴᠠ 22᠎ᠤᠨ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠤᠨ ᠬᠢᠨᠠᠨ ᠬᠡᠮᠵᠢᠯᠲᠡ ᠵᠢᠨ ᠲᠥᠪ᠎ᠲᠤ ᠨᠢᠭᠡᠳᠦᠭᠡᠷ ᠬᠤᠭᠤᠴᠠᠭ᠋ᠠᠨ᠎ᠤ ᠪᠣᠯᠪᠠᠰᠤᠷᠠᠯ᠎ᠢ ᠥᠷᠨᠢᠭᠦᠯᠵᠦ᠂ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠪᠠ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠢ ᠤᠷᠢᠵᠤ ᠤᠨᠤᠯ᠎ᠤᠨ ᠬᠢᠴᠢᠶᠡᠯᠯᠡᠭᠡ ᠪᠠ ᠪᠣᠳᠠᠲᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠢ ᠣᠷᠭ᠋ᠠᠨᠢᠭ ᠵᠶ᠋ᠠᠷ ᠤᠶᠠᠯᠳᠤᠭᠤᠯᠬᠤ ᠠᠷᠭ᠎ᠠ ᠮᠠᠶᠢᠭ᠎ᠢ ᠠᠪᠴᠤ᠂ ᠰᠠᠴᠤᠷᠠᠭ᠎ᠤᠨ ᠬᠢᠨᠠᠨ ᠬᠡᠮᠵᠢᠯᠲᠡ ᠵᠢᠨ ᠠᠵᠢᠯᠲᠠᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢᠨ ᠤᠬᠠᠮᠰᠠᠷ ᠪᠠ ᠰᠢᠰᠲ᠋ᠧᠮ᠎ᠤᠨ ᠠᠵᠢᠯᠯᠠᠭ᠋ᠠᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃
      ᠬᠢᠴᠢᠶᠡᠯ ᠵᠢᠭ᠋ᠠᠬᠤ ᠪᠠᠭᠰᠢ᠎ᠠᠴᠠ ᠰᠢᠨ᠎ᠡ᠎ᠪᠠᠷ ᠬᠡᠷᠡᠭᠵᠢᠭᠦᠯᠦᠭᠰᠡᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠬᠢᠨᠠᠨ ᠲᠣᠭᠲᠠᠭ᠋ᠠᠬᠤ ᠪᠠᠷᠢᠮᠵᠢᠶ᠎ᠠ᠎ᠳᠤ ᠴᠢᠭᠯᠡᠭᠦᠯᠦᠨ ᠨᠠᠷᠢᠨ ᠲᠠᠢ᠌ᠯᠤᠮᠵᠢ ᠬᠢᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠬᠢᠨᠠᠨ ᠲᠣᠭᠲᠠᠭ᠋ᠠᠬᠤ ᠨᠥᠬᠥᠪᠦᠷᠢ ᠱᠠᠭ᠋ᠠᠷᠳᠠᠯᠭ᠎ᠠ ᠪᠠ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠢᠢ᠍ᠳᠪᠦᠷᠢᠯᠡᠬᠦ ᠠᠷᠭ᠎ᠠ᠎ᠳᠠᠬᠢ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠲᠤᠬᠠᠢ ᠬᠠᠮᠢᠶ᠎ᠠ ᠪᠦᠬᠦᠢ ᠲᠣᠭᠲᠠᠭ᠋ᠠᠯ᠎ᠢ ᠴᠢᠬᠤᠯᠠᠴᠢᠯᠠᠨ᠂ ᠬᠢᠨᠠᠨ ᠰᠢᠯᠭ᠋ᠠᠬᠤ ᠠᠵᠢᠯᠲᠠᠨ᠎ᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠰᠠᠬᠢᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠪᠠ᠃ ᠲᠤᠬᠠᠢ ᠵᠢᠨ ᠲᠠᠯᠠᠪᠤᠷ᠎ᠤᠨ ᠬᠢᠨᠠᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠠᠵᠢᠯ᠎ᠤᠨ ᠲᠤᠷᠰᠢᠯᠭ᠎ᠠ᠎ᠲᠠᠢ ᠤᠶᠠᠯᠳᠤᠭᠤᠯᠤᠨ᠂ ᠶᠡᠬᠡ ᠬᠡᠮᠵᠢᠶᠡᠨ᠎ᠤ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠠᠵᠢᠯᠯᠠᠭ᠋ᠠᠨ᠎ᠤ ᠭᠣᠣᠯᠳᠠᠯᠭ᠎ᠠ᠎ᠲᠠᠢ᠂ ᠬᠦᠴᠢᠷ ᠠᠰᠠᠭᠤᠳᠠᠯ ᠵᠢᠴᠢ ᠠᠮᠠᠷᠬᠠᠨ ᠣᠮᠲᠣᠭ᠋ᠠᠢ᠌ᠯᠠᠭᠳᠠᠬᠤ ᠨᠠᠷᠢᠨ ᠵᠦᠢ᠍ᠯᠡᠰ᠎ᠲᠤ ᠲᠠᠢ᠌ᠯᠤᠮᠵᠢ ᠵᠠᠳᠠᠯᠤᠯᠲᠠ ᠬᠢᠵᠦ᠂ ᠪᠣᠯᠪᠠᠰᠤᠷᠠᠯ᠎ᠤᠨ ᠬᠤᠷᠠᠯ᠎ᠤᠨ ᠳᠠᠷᠠᠭ᠎ᠠ ᠲᠤᠷᠰᠢᠯᠲᠠ ᠵᠢᠨ ᠲᠠᠰᠤᠭ᠎ᠤᠨ ᠲᠤᠬᠠᠢ ᠵᠢᠨ ᠲᠠᠯᠠᠪᠤᠷ᠎ᠲᠤ ᠣᠷᠴᠢᠨ ᠲᠣᠭᠣᠷᠢᠨ᠎ᠤ ᠲᠣᠨᠣᠭ ᠲᠥᠬᠦᠭᠡᠷᠦᠮᠵᠢ᠂ ᠬᠡᠮᠵᠢᠭᠦᠷᠯᠢᠭ ᠲᠥᠬᠦᠭᠡᠷᠦᠮᠵᠢ ᠵᠢᠴᠢ ᠲᠤᠬᠠᠢ ᠵᠢᠨ ᠲᠠᠯᠠᠪᠤᠷ᠎ᠤᠨ ᠲᠡᠮᠳᠡᠭᠯᠡᠯ᠎ᠳᠤ ᠴᠢᠭᠯᠡᠭᠦᠯᠦᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠪᠣᠳᠠᠲᠠᠢ ᠰᠠᠨᠠᠭᠤᠯᠭ᠎ᠠ ᠳᠤᠷᠠᠳᠪᠠ᠃
      ᠣᠢ᠌ᠷ᠎ᠠ ᠵᠢᠨ ᠵᠢᠯ᠎ᠠᠴᠠ ᠲᠣᠰ ᠲᠥᠪ ᠬᠠᠮᠢᠶ᠎ᠠ ᠪᠦᠬᠦᠢ ᠪᠣᠯᠪᠠᠰᠤᠷᠠᠯ᠎ᠢ ᠲᠠᠰᠤᠷᠠᠯᠲᠠ ᠦᠭᠡᠢ ᠥᠷᠨᠢᠭᠦᠯᠵᠦ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠪᠢᠴᠢᠭ ᠮᠠᠲ᠋ᠧᠷᠢᠶᠠᠯ᠎ᠤᠨ ᠪᠦᠲᠦᠴᠡ ᠤᠯᠠᠮ ᠲᠣᠳᠣᠷᠬᠠᠢ ᠪᠣᠯᠵᠤ ᠠᠵᠢᠯᠯᠠᠭ᠋ᠠᠨ᠎ᠤ ᠲᠡᠰ ᠳᠠᠷᠠᠭ᠋ᠠᠯᠠᠯ᠎ᠨᠢ ᠤᠯᠠᠮ ᠵᠢᠷᠤᠮᠵᠢᠯ᠎ᠲᠠᠢ᠂ ᠵᠣᠬᠢᠴᠠᠩᠭᠤᠢ᠎ᠪᠠᠷ ᠠᠵᠢᠯᠯᠠᠬᠤ᠂ ᠪᠦᠲᠦᠮᠵᠢᠲᠡᠢ ᠬᠠᠷᠢᠯᠴᠠᠨ ᠬᠢᠵᠠᠭ᠋ᠠᠷᠯᠠᠭᠰᠠᠨ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠎ᠨᠢ ᠬᠢᠨᠠᠨ ᠬᠡᠮᠵᠢᠬᠦ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠨᠠᠨ ᠬᠡᠮᠵᠢᠬᠦ ᠠᠵᠢᠯᠲᠠᠳ᠎ᠤᠨ ᠠᠵᠢᠯ᠎ᠤᠨ ᠤᠷᠮᠠᠰᠢᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠰᠠᠴᠤᠷᠠᠭ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ᠎ᠲᠤ ᠪᠠᠲᠤ ᠴᠢᠩᠭ᠎ᠠ ᠪᠠᠲᠤᠯᠠᠭ᠎ᠠ ᠬᠠᠩᠭ᠋ᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ ᠴᠦ᠍ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠠᠶᠠᠨ᠎ᠳᠠᠭᠠᠨ ᠦᠷᠭᠦᠯᠵᠢᠯᠡᠨ ᠡᠷᠡᠯᠬᠡᠭᠯᠡᠨ ᠤᠷᠤᠭᠰᠢᠯᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠶᠤᠨᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠬᠢᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠤᠢ ᠪᠣᠯᠭ᠋ᠠᠵᠤ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠵᠢᠩᠬᠢᠨᠢ ᠪᠠᠢ᠌ᠭᠤᠯᠤᠭᠳᠠᠪᠠ
ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠪᠥᠬᠥ ᠬᠦᠷᠢᠶᠡᠨ᠎ᠳᠤ ᠥᠷᠨᠢᠭᠦᠯᠵᠦ ᠣᠷᠣᠨ᠎ᠤ ᠲᠥᠪ᠎ᠤᠨ ᠠᠭ᠋ᠠᠷ᠎ᠤᠨ ᠰᠢᠯᠢᠳᠡᠭ᠎ᠢ ᠪᠠᠲᠤᠯᠠᠨ᠎ᠠ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
 
             蒙ICP备05000248号