ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠣᠶᠤᠨᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠬᠢᠨ᠎ᠠ
ᠨᠡᠶ᠋ᠢᠲᠡᠯᠡᠭᠰᠡᠨ ᠴᠠᠭ᠄ 2024-04-23

      ᠲᠣᠭ᠋ᠠᠴᠢᠯᠠᠭᠰᠠᠨ ᠮᠡᠷᠭᠡᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠲᠣᠭ᠋ᠠᠴᠢᠯᠠᠭᠰᠠᠨ᠂ ᠣᠶᠤᠨᠴᠢᠯᠠᠭᠰᠠᠨ ᠠᠷᠭ᠎ᠠ ᠪᠠᠷᠢᠯ ᠵᠶ᠋ᠠᠷ ᠠᠮᠢ ᠠᠬᠤᠢ ᠣᠷᠴᠢᠨ ᠲᠣᠭᠣᠷᠢᠨ᠎ᠤ ᠥᠨᠳᠥᠷ ᠲᠦᠪᠰᠢᠨ᠎ᠤ ᠬᠠᠮᠠᠭ᠋ᠠᠯᠠᠯᠲᠠ ᠪᠣᠯᠣᠨ ᠠᠮᠢ ᠠᠬᠤᠢ ᠵᠢᠨ ᠵᠠᠰᠠᠯᠲᠠ ᠵᠢᠨ ᠣᠳᠣᠬᠢᠴᠢᠯᠠᠯᠲᠠ ᠵᠢ ᠠᠬᠢᠭᠤᠯᠬᠤ ᠵᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠡᠵᠡᠮᠳᠡᠬᠦ ᠲᠥᠪ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠵᠢᠯ᠎ᠤᠨ ᠡᠬᠢᠨ᠎ᠤ ᠬᠠᠷᠠᠯᠲᠠ ᠶᠣᠰᠣᠭ᠋ᠠᠷ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠪᠡ᠃ ᠬᠢᠨᠠᠨ ᠡᠵᠡᠮᠳᠡᠬᠦ ᠲᠥᠪ᠎ᠨᠢ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ + ᠲᠣᠮᠣ ᠳ᠋ᠠᠢ᠌ᠲ᠋ᠠ ᠵᠢᠨ ᠮᠡᠷᠭᠡᠵᠢᠯ᠎ᠳᠤ ᠲᠦᠰᠢᠭᠯᠡᠨ᠂ ᠬᠥᠬᠡᠬᠣᠲᠠ ᠵᠢᠨ ᠤᠰᠤ᠎ᠲᠠᠢ ᠬᠣᠯᠪᠣᠭᠳᠠᠭᠰᠠᠨ᠂ ᠬᠡᠢ᠎ᠲᠠᠢ ᠬᠣᠯᠪᠣᠭᠳᠠᠭᠰᠠᠨ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠪᠠᠶ᠋ᠢᠳᠠᠯ᠎ᠢ ᠭᠣᠣᠯᠳᠠᠯᠭ᠎ᠠ᠎ᠲᠠᠢ ᠨᠢᠭᠡᠴᠢ ᠵᠢᠨ ᠲᠣᠭᠲᠠᠮᠠᠯ ᠪᠣᠬᠢᠷᠲᠤᠯ᠎ᠤᠨ ᠡᠬᠢ ᠵᠢ ᠬᠢᠨᠠᠨ ᠡᠵᠡᠮᠳᠡᠬᠦ ᠲᠠᠪᠴᠠᠩ ᠵᠶ᠋ᠠᠷ 24 ᠴᠠᠭ ᠵᠶ᠋ᠠᠷ ᠴᠠᠭ ᠲᠤᠬᠠᠢ᠎ᠳᠤᠨᠢ ᠬᠢᠨᠠᠨ ᠡᠵᠡᠮᠳᠡᠨ᠎ᠡ᠃ ᠲᠠᠪᠴᠠᠩ᠎ᠨᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠲᠤᠬᠠᠢ ᠵᠢᠨ ᠲᠠᠯᠠᠪᠤᠷ᠎ᠤᠨ ᠦᠵᠦᠭᠦᠷᠯᠢᠭ᠎ᠤᠨ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠵᠢᠨ ᠳᠠᠮᠵᠢᠭᠤᠯᠤᠭᠰᠠᠨ ᠪᠣᠬᠢᠷᠲᠤᠯ ᠪᠣᠳᠠᠰ᠎ᠢ ᠴᠠᠭ ᠲᠤᠬᠠᠢ᠎ᠳᠤᠨᠢ ᠭᠠᠳᠠᠭᠰᠢᠯᠠᠭᠤᠯᠬᠤ ᠲᠣᠭ᠎ᠠ ᠪᠠᠷᠢᠮᠲᠠ᠎ᠳᠤ ᠠᠦ᠋ᠲ᠋ᠣ᠋ ᠵᠠᠳᠠᠯᠤᠯᠲᠠ ᠬᠢᠬᠦ ᠵᠢᠨ ᠬᠠᠮᠲᠤ ᠡᠭᠦᠷᠭᠡ ᠵᠢ ᠱᠠᠯᠠᠪᠳᠠᠭᠤᠯᠤᠨ ᠰᠢᠢ᠍ᠳᠪᠦᠷᠢᠯᠡᠭᠦᠯᠬᠦ ᠬᠠᠭᠤᠳᠠᠰᠤ ᠵᠣᠬᠢᠶᠠᠵᠤ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢ ᠱᠠᠯᠠᠪᠳᠠᠭᠤᠯᠵᠤ ᠪᠠᠶ᠋ᠢᠭ᠋ᠠᠳ ᠪᠣᠬᠢᠷᠲᠤᠯ ᠪᠣᠳᠠᠰ᠎ᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠵᠤ᠂ ᠪᠣᠬᠢᠷᠲᠤᠯ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠪᠠ᠃ 2 ᠰᠠᠷ᠎ᠠ ᠪᠣᠯᠲᠠᠯ᠎ᠠ᠂ ᠬᠥᠬᠡᠬᠣᠲᠠ ᠵᠢᠨ ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠨᠠᠢ᠌ᠳᠠ 163 ᠪᠠᠢ᠌ᠵᠤ᠂ ᠡᠭᠦᠨ᠎ᠳᠤ 162 ᠭᠣᠣᠯᠳᠠᠯᠭ᠎ᠠ᠎ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠪᠣᠬᠢᠷᠲᠤᠯ᠎ᠤᠨ ᠡᠬᠢ ᠵᠢ ᠠᠦ᠋ᠲ᠋ᠣ᠋ ᠬᠢᠨᠠᠨ ᠬᠡᠮᠵᠢᠬᠦ ᠵᠢ ᠬᠡᠷᠡᠭᠵᠢᠭᠦᠯᠦᠭᠰᠡᠨ ᠪᠥᠭᠡᠳ ᠠᠦ᠋ᠲ᠋ᠣ᠋ ᠬᠢᠨᠠᠨ ᠬᠡᠮᠵᠢᠯᠲᠡ ᠵᠢ ᠤᠭᠰᠠᠷᠠᠨ ᠰᠦᠯᠵᠢᠶᠡᠵᠢᠭᠦᠯᠬᠦ ᠵᠢ ᠪᠡᠶᠡᠯᠡᠭᠦᠯᠵᠦ᠂ ᠰᠦᠯᠵᠢᠶᠡᠵᠢᠯᠲᠡ ᠵᠢᠨ ᠨᠣᠷᠮ᠎ᠠ᠎ᠨᠢ 99.39%᠎ᠳᠤ ᠬᠦᠷᠴᠡᠢ; ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠪᠦᠲᠦᠮᠵᠢᠲᠡᠢ ᠳᠠᠮᠵᠢᠭᠤᠯᠬᠤ ᠨᠣᠷᠮ᠎ᠠ 97.6% ᠪᠠᠢ᠌ᠵᠤ᠂ ᠤᠯᠤᠰ᠎ᠤᠨ ᠬᠢᠨᠠᠨ ᠰᠢᠯᠭ᠋ᠠᠯᠲᠠ ᠵᠢᠨ 95%᠎ᠠᠴᠠ ᠳᠡᠭᠡᠭᠰᠢᠬᠢ ᠬᠠᠷᠠᠯᠲᠠ᠎ᠳᠤ ᠬᠥᠷᠪᠡ; ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠰᠦᠪᠡᠭᠴᠢ ᠵᠢ ᠴᠠᠭ ᠲᠤᠬᠠᠢ᠎ᠳᠤᠨᠢ ᠡᠯ᠎ᠡ ᠬᠤᠪᠢᠶᠠᠷᠢ ᠲᠣᠪᠴᠢᠶ᠎ᠠ᠎ᠳᠤ ᠬᠦᠷᠭᠡᠵᠦ᠂ ᠰᠢᠯᠵᠢᠭᠦᠯᠦᠨ ᠲᠤᠰᠢᠶᠠᠭᠰᠠᠨ ᠨᠣᠷᠮ᠎ᠠ ᠵᠢ 100%᠎ᠳᠤ ᠬᠦᠷᠭᠡᠪᠡ; ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠬᠡᠪ᠎ᠤᠨ ᠪᠤᠰᠤ ᠲᠣᠭ᠎ᠠ ᠪᠠᠷᠢᠮᠲᠠ ᠵᠢ ᠨᠠᠢ᠌ᠳᠠ 38 ᠵᠤᠷᠪᠤᠰ ᠬᠦᠷᠭᠡᠵᠦ᠂ 27 ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ ᠬᠣᠯᠪᠣᠭᠳᠠᠵᠠᠢ᠃
      ᠲᠠᠷᠠᠭ᠋ᠠᠴᠢ ᠵᠢᠨ ᠠᠯᠬᠤᠮ᠎ᠳᠤ ᠬᠢᠨᠠᠨ ᠡᠵᠡᠮᠳᠡᠬᠦ ᠲᠥᠪ᠎ᠤᠨ᠎ᠬᠢᠨ ᠦᠷᠭᠦᠯᠵᠢᠯᠡᠨ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠰᠲ᠋ᠧᠮ᠎ᠢ ᠲᠦᠷᠭᠡᠨ ᠪᠠᠢ᠌ᠭᠤᠯᠵᠤ᠂ ᠬᠢᠨᠠᠨ ᠬᠡᠮᠵᠢᠬᠦ᠂ ᠬᠢᠨᠠᠨ ᠡᠵᠡᠮᠳᠡᠬᠦ᠂ ᠬᠠᠮᠢᠶᠠᠷᠬᠤ ᠵᠡᠷᠭᠡ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠲᠥᠪᠯᠡᠷᠡᠭᠦᠯᠦᠨ ᠨᠡᠢ᠌ᠳᠬᠡᠵᠦ᠂ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠣᠷᠴᠢᠨ ᠲᠣᠭᠣᠷᠢᠨ᠎ᠤ ᠲᠤᠬᠠᠢ᠌ᠯᠠᠭᠰᠠᠨ ᠠᠵᠢᠯ᠂ ᠬᠠᠮᠢᠶᠠᠷᠤᠯᠲᠠ᠂ ᠰᠢᠢ᠍ᠳᠪᠦᠷᠢᠲᠦ ᠪᠣᠳᠣᠯᠭ᠎ᠠ᠂ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠵᠦ᠂ ᠣᠳᠣᠬᠢᠴᠢᠯᠠᠭᠰᠠᠨ᠂ ᠰᠢᠨᠵᠢᠯᠡᠬᠦ ᠤᠬᠠᠭ᠋ᠠᠨ ᠮᠡᠷᠭᠡᠵᠢᠯᠵᠢᠭᠰᠡᠨ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ ᠵᠢᠨ ᠴᠢᠳᠠᠪᠤᠷᠢ ᠵᠢ ᠴᠢᠩᠭ᠋ᠠᠳᠬᠠᠨ᠎ᠠ; ᠬᠢᠨᠠᠨ ᠡᠵᠡᠮᠳᠡᠬᠦ ᠲᠣᠭ᠎ᠠ ᠪᠠᠷᠢᠮᠲᠠ ᠵᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠳᠠᠬᠢ ᠬᠡᠷᠡᠭᠯᠡᠯᠲᠡ ᠵᠢ ᠪᠥᠬᠥ ᠲᠠᠯ᠎ᠠ᠎ᠪᠠᠷ ᠠᠬᠢᠭᠤᠯᠵᠤ᠂ ᠰᠦᠯᠵᠢᠶᠡᠨ ᠳᠡᠭᠡᠷᠡᠬᠢ ᠲᠣᠭ᠎ᠠ ᠪᠠᠷᠢᠮᠲᠠ ᠵᠢ ᠪᠦᠷᠢᠳᠬᠡᠬᠦ ᠪᠠ ᠵᠠᠳᠠᠯᠬᠤ᠂ ᠬᠡᠪ᠎ᠤᠨ ᠪᠤᠰᠤ ᠲᠣᠭ᠎ᠠ ᠪᠠᠷᠢᠮᠲᠠ ᠵᠢ ᠬᠦᠷᠭᠡᠬᠦ ᠠᠵᠢᠯ᠎ᠢ ᠰᠠᠶ᠋ᠢᠲᠤᠷ ᠬᠢᠵᠦ᠂ ᠣᠷᠴᠢᠨ ᠲᠣᠭᠣᠷᠢᠨ᠎ᠤ ᠬᠠᠮᠢᠶᠠᠷᠤᠯᠲᠠ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠪᠥᠬᠥ ᠬᠣᠲᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠲᠣᠭᠲᠠᠭᠤᠨ ᠵᠶ᠋ᠠᠷ ᠳᠡᠭᠡᠭᠰᠢᠯᠡᠭᠦᠯᠬᠦ ᠵᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠤᠢ ᠪᠣᠯᠭ᠋ᠠᠵᠤ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠵᠢᠩᠬᠢᠨᠢ ᠪᠠᠢ᠌ᠭᠤᠯᠤᠭᠳᠠᠪᠠ
ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠪᠥᠬᠥ ᠬᠦᠷᠢᠶᠡᠨ᠎ᠳᠤ ᠥᠷᠨᠢᠭᠦᠯᠵᠦ ᠣᠷᠣᠨ᠎ᠤ ᠲᠥᠪ᠎ᠤᠨ ᠠᠭ᠋ᠠᠷ᠎ᠤᠨ ᠰᠢᠯᠢᠳᠡᠭ᠎ᠢ ᠪᠠᠲᠤᠯᠠᠨ᠎ᠠ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ》 ᠠᠪᠴᠤ 《ᠤᠮᠠᠷᠠᠲᠤ ᠬᠢᠯᠢ ᠵᠢᠨ ᠪᠤᠭᠤᠷᠤᠯᠴᠠᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
 
             蒙ICP备05000248号