ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠤᠢ ᠪᠣᠯᠭ᠋ᠠᠵᠤ ᠬᠠᠤᠯᠢ ᠳᠦᠷᠢᠮ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
ᠨᠡᠶ᠋ᠢᠲᠡᠯᠡᠭᠰᠡᠨ ᠴᠠᠭ᠄ 2024-04-23

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠢᠳᠡᠪᠬᠢᠲᠡᠢ ᠪᠠᠢ᠌ᠭᠤᠯᠵᠤ᠂ ᠬᠠᠤᠯᠢᠵᠢᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠢᠭᠰᠠᠭ᠋ᠠᠯ᠎ᠤᠨ ᠭᠠᠵᠠᠷ᠎ᠢ ᠲᠢᠩᠬᠢᠮ᠎ᠤᠨ ᠪᠠᠢ᠌ᠭᠤᠯᠭ᠎ᠠ ᠵᠢᠨ ᠭᠤᠷᠪᠠᠳᠤᠭ᠋ᠠᠷ ᠳᠠᠪᠬᠤᠷᠯᠢᠭ᠎ᠲᠤ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠢ᠌ᠷᠢᠰᠢᠭᠤᠯᠵᠤ᠂ ᠨᠡᠭᠡᠭᠡᠯᠲᠡᠲᠤ ᠮᠠᠶᠢᠭ᠎ᠤᠨ ᠤᠬᠠᠭᠤᠯᠭ᠎ᠠ ᠵᠢᠨ ᠵᠠᠭᠪᠤᠷ᠎ᠢ ᠬᠡᠷᠡᠭᠯᠡᠵᠦ᠂ ᠣᠳᠣ ᠦᠶ᠎ᠡ ᠵᠢᠨ ᠳᠥᠭᠥᠮ ᠵᠢᠷᠤᠭ ᠲᠥᠯᠥᠪᠯᠡᠭᠡ ᠵᠢᠨ ᠣᠢ᠌ᠯᠠᠭ᠋ᠠᠭᠳᠠᠬᠤᠨ ᠵᠶ᠋ᠠᠷ ᠥᠪᠡᠷᠮᠢᠴᠡ ᠬᠡᠪ ᠨᠠᠮᠪᠠ᠎ᠲᠠᠢ ᠬᠠᠤᠯᠢᠵᠢᠯ᠎ᠤᠨ ᠡᠯᠧᠮᠧᠨ᠋ᠲ᠎ᠤᠨ ᠪᠠᠢ᠌ᠷᠢᠰᠢᠭᠤᠯᠤᠯᠲᠠ ᠵᠢ ᠪᠤᠢ ᠪᠣᠯᠭ᠋ᠠᠵᠤ᠂ ᠬᠠᠤᠯᠢᠵᠢᠯ᠎ᠤᠨ ᠡᠯᠧᠮᠧᠨ᠋ᠲ᠎ᠢ ᠡᠯ᠎ᠡ ᠵᠦᠢ᠍ᠯ᠎ᠤᠨ ᠲᠠᠯᠠᠪᠤᠷ᠎ᠲᠤ ᠭᠦᠢ᠍ᠴᠡᠳ ᠣᠷᠣᠭᠤᠯᠵᠤ᠂ 《ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠪᠠᠢ᠌ᠩᠭᠤ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠡᠷᠡᠭ᠎ᠤᠨ ᠵᠢᠱ᠌ᠢᠶ᠎ᠡ᠎ᠪᠠᠷ ᠬᠠᠤᠯᠢ ᠴᠠᠭ᠋ᠠᠵᠠ ᠵᠢ ᠲᠠᠢ᠌ᠯᠪᠤᠷᠢᠯᠠᠬᠤ》 ᠳᠥᠷᠪᠡᠨ ᠬᠡᠰᠡᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ᠎ᠤᠨ ᠮᠡᠳᠡᠯᠭᠡ ᠵᠢᠨ ᠤᠬᠠᠭᠤᠯᠭ᠎ᠠ ᠵᠢᠨ ᠪᠤᠯᠤᠩ ᠭᠠᠷᠭ᠋ᠠᠵᠤ᠂ ᠬᠡᠷᠡᠭ᠎ᠤᠨ ᠵᠢᠱ᠌ᠢᠶ᠎ᠡ᠎ᠪᠠᠷ ᠬᠠᠤᠯᠢ ᠵᠢ ᠲᠠᠢ᠌ᠯᠪᠤᠷᠢᠯᠠᠬᠤ᠂ ᠪᠠᠢ᠌ᠩᠭᠤ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠠᠭᠤᠯᠭ᠎ᠠ ᠵᠢ ᠡᠭᠦᠨ᠎ᠳᠤ ᠠᠭᠤᠰᠬᠠᠨ ᠣᠷᠣᠭᠤᠯᠵᠤ᠂ ᠡᠭᠦᠨ᠎ᠤ ᠬᠠᠮᠲᠤ ᠡᠯᠪᠡᠭ ᠪᠠᠶᠠᠯᠢᠭ ᠠᠭᠤᠯᠭ᠎ᠠ᠎ᠲᠠᠢ ᠨᠣᠮ᠎ᠤᠨ ᠪᠤᠯᠤᠩ ᠭᠠᠷᠭ᠋ᠠᠵᠤ᠂ LED ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠳᠡᠯᠭᠡᠴᠡ ᠲᠣᠬᠢᠷᠠᠭᠤᠯᠵᠤ᠂ ᠬᠦᠷᠦᠯᠴᠡᠬᠦᠢ ᠨᠢᠭᠡ ᠴᠣᠭᠴᠠᠲᠤ ᠮᠠᠶᠢᠭ᠎ᠤᠨ ᠤᠯᠠᠨ ᠵᠠᠭᠤᠴᠢᠲᠤ ᠢᠯᠡᠷᠡᠭᠦᠯᠬᠦ ᠠᠷᠭ᠎ᠠ ᠮᠠᠶᠢᠭ᠎ᠢ ᠬᠡᠷᠡᠭᠯᠡᠨ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 《ᠵᠠᠰᠠᠭ ᠵᠠᠬᠢᠷᠭ᠋ᠠᠨ᠎ᠤ ᠰᠢᠳᠬᠡᠯ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠣᠣᠯᠳᠠᠯᠭ᠎ᠠ᠎ᠲᠠᠢ ᠤᠬᠠᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠸᠢᠳᠢᠤ᠋᠂ ᠺᠠᠷᠲ᠋ᠣᠨ ᠵᠢᠷᠤᠭ ᠵᠡᠷᠭᠡ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠨᠠᠢ᠌ᠳᠠ ᠵᠢᠨ ᠠᠰᠠᠷᠠᠮᠵᠢ ᠵᠢᠨ ᠪᠦᠲᠦᠭᠡᠯ᠎ᠢ ᠲᠣᠭᠲᠠᠭᠰᠠᠨ ᠴᠠᠭ᠎ᠲᠤ ᠨᠠᠪᠲᠠᠷᠡᠭᠦᠯᠵᠦ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠵᠢ ᠪᠦᠲᠦᠮᠵᠢᠲᠡᠢ ᠠᠬᠢᠭᠤᠯᠪᠠ᠃
      ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ᠎ᠤᠨ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠪᠠᠢ᠌ᠭᠤᠯᠬᠤ᠎ᠪᠠᠷ ᠳᠠᠮᠵᠢᠭᠤᠯᠤᠨ᠂ ᠬᠠᠤᠯᠢᠵᠢᠯ᠎ᠤᠨ ᠤᠬᠠᠭᠤᠯᠭ᠎ᠠ ᠵᠢᠨ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠄
      ᠨᠢᠭᠡ᠎ᠳᠤ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠬᠠᠤᠯᠢᠵᠢᠯ᠎ᠤᠨ ᠤᠬᠠᠮᠰᠠᠷ ᠵᠶ᠋ᠠᠨ ᠴᠢᠩᠭ᠋ᠠᠳᠬᠠᠪᠠ᠃ ᠵᠢᠭᠰᠠᠭ᠋ᠠᠯ᠎ᠤᠨ ᠭᠠᠵᠠᠷ᠎ᠲᠤ 《ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ》 ᠲᠤᠰᠬᠠᠢ ᠪᠤᠯᠤᠩ ᠭᠠᠷᠭ᠋ᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠶᠡᠷᠦᠩᠬᠡᠢ ᠱᠠᠭ᠋ᠠᠷᠳᠠᠯᠭ᠎ᠠ᠂ ᠭᠣᠣᠯ ᠠᠭᠤᠯᠭ᠎ᠠ ᠵᠡᠷᠭᠡ ᠲᠠᠯ᠎ᠠ᠎ᠠᠴᠠ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠤᠯᠠᠨ ᠬᠠᠷᠠᠭ᠋ᠠᠰᠤ᠎ᠠᠴᠠ ᠪᠦᠬᠦ ᠲᠠᠯ᠎ᠠ᠎ᠪᠠᠷ ᠤᠬᠠᠭᠤᠯᠵᠤ᠂ ᠤᠯᠠᠨ ᠵᠶ᠋ᠠᠷ ᠵᠶ᠋ᠠᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠵᠢ ᠠᠬᠢᠭᠤᠯᠵᠤ᠂ ᠬᠠᠤᠯᠢᠵᠢᠯ᠎ᠤᠨ ᠪᠠᠢ᠌ᠭᠤᠯᠤᠯᠲᠠ ᠵᠢᠨ ᠠᠵᠢᠯ᠎ᠤᠨ ᠥᠷᠨᠢᠯᠲᠡ ᠵᠢ ᠦᠨᠡᠨᠬᠦ ᠠᠬᠢᠭᠤᠯᠪᠠ᠃
      ᠬᠣᠶᠠᠷ᠎ᠲᠤ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠎ᠪᠠᠷ ᠵᠠᠩᠭᠢᠯᠠᠭ᠎ᠠ ᠪᠣᠯᠭ᠋ᠠᠵᠤ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠪᠡ᠃ ᠵᠢᠭᠰᠠᠭ᠋ᠠᠯ᠎ᠤᠨ ᠭᠠᠵᠠᠷ᠎ᠲᠤ 《ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ》 ᠲᠤᠰᠬᠠᠢ ᠪᠤᠯᠤᠩ ᠭᠠᠷᠭ᠋ᠠᠵᠤ᠂ ᠲᠣᠰ ᠬᠦᠷᠢᠶᠡᠨ᠎ᠳᠠᠬᠢ ᠣᠨᠴᠠᠯᠢᠭ ᠵᠶ᠋ᠠᠨ ᠲᠣᠪᠤᠢ᠌ᠯᠭ᠋ᠠᠨ᠂ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠬᠠᠤᠯᠢ ᠵᠢᠨ ᠰᠢᠰᠲ᠋ᠧᠮ᠎ᠤᠨ ᠭᠤᠯᠳᠤ ᠴᠢᠭᠯᠡᠯ᠎ᠤᠨ ᠪᠦᠲᠦᠴᠡ ᠵᠢᠨ ᠪᠣᠷᠣ ᠲᠥᠯᠥᠪ᠂ ᠣᠷᠴᠢᠨ ᠲᠣᠭᠣᠷᠢᠨ᠎ᠤ ᠪᠠᠷᠢᠮᠵᠢᠶ᠎ᠠ ᠵᠢᠨ ᠰᠢᠰᠲ᠋ᠧᠮ᠎ᠤᠨ ᠪᠣᠷᠣ ᠲᠥᠯᠥᠪ᠎ᠢ ᠡᠮᠬᠢᠯᠡᠨ ᠢᠯᠡᠷᠡᠭᠦᠯᠬᠦ᠎ᠪᠠᠷ ᠳᠠᠮᠵᠢᠭᠤᠯᠤᠨ᠂ ᠤᠯᠠᠨ ᠵᠶ᠋ᠠᠷ ᠵᠶ᠋ᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠢᠭᠡᠳ ᠣᠷᠴᠢᠨ ᠲᠣᠭᠣᠷᠢᠨ᠎ᠤ ᠪᠠᠷᠢᠮᠵᠢᠶ᠎ᠠ ᠵᠢ ᠲᠣᠭᠲᠠᠭ᠋ᠠᠬᠤ ᠰᠢᠰᠲ᠋ᠧᠮ᠎ᠤᠨ ᠰᠤᠳᠠᠰᠤ ᠵᠢ ᠨᠠᠩ ᠲᠣᠳᠣᠷᠬᠠᠢ ᠣᠢ᠌ᠯᠠᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ ᠵᠢᠨ ᠴᠢᠬᠤᠯᠠ ᠴᠢᠨᠠᠷ᠎ᠤᠨ ᠲᠤᠬᠠᠢ ᠲᠠᠨᠢᠯᠲᠠ ᠵᠢ ᠴᠢᠩᠭ᠋ᠠᠳᠬᠠᠪᠠ᠃
      ᠭᠤᠷᠪᠠ᠎ᠳᠤ ᠬᠡᠷᠡᠭ᠎ᠢ ᠵᠠᠳᠠᠯᠤᠨ ᠰᠢᠨᠵᠢᠯᠡᠬᠦ᠎ᠪᠠᠷ ᠵᠢᠯᠣᠭᠣᠳᠤᠯᠭ᠎ᠠ ᠪᠣᠯᠭ᠋ᠠᠵᠤ᠂ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠵᠢᠭᠰᠠᠭ᠋ᠠᠯ᠎ᠤᠨ ᠭᠠᠵᠠᠷ᠎ᠲᠤ 《ᠬᠡᠷᠡᠭ᠎ᠤᠨ ᠵᠢᠱ᠌ᠢᠶ᠎ᠡ᠎ᠪᠠᠷ ᠬᠠᠤᠯᠢ ᠵᠢ ᠲᠠᠢ᠌ᠯᠪᠤᠷᠢᠯᠠᠬᠤ》 ᠲᠤᠰᠬᠠᠢ ᠪᠤᠯᠤᠩ ᠭᠠᠷᠭ᠋ᠠᠵᠤ᠂ ᠨᠡᠢ᠌ᠲᠡᠯᠢᠭ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠰᠡᠷᠡᠮᠵᠢᠯᠡᠭᠦᠯᠬᠦ ᠴᠢᠨᠠᠷᠲᠠᠢ ᠬᠡᠷᠡᠭ᠎ᠢ ᠨᠠᠷᠢᠨ ᠰᠣᠩᠭᠣᠵᠤ᠂ ᠵᠢᠱ᠌ᠢᠶᠡᠯᠡᠪᠡᠯ ᠥᠪᠥᠷ ᠮᠣᠩᠭᠣᠯ᠎ᠤᠨ ᠠᠩᠬᠠᠳᠠᠭᠴᠢ ᠣᠷᠴᠢᠨ ᠠᠬᠤᠢ ᠵᠢ ᠪᠣᠬᠢᠷᠲᠤᠭᠤᠯᠤᠭᠰᠠᠨ ᠶᠠᠯᠠᠲᠤ ᠬᠡᠷᠡᠭ᠂ ᠮᠤᠵᠢ ᠠᠯᠤᠰᠯᠠᠨ ᠠᠶᠤᠯᠲᠠᠢ ᠬᠠᠶᠠᠭᠳᠠᠮᠠᠯ ᠪᠣᠳᠠᠰ᠎ᠢ ᠪᠠᠢ᠌ᠴᠠᠭ᠋ᠠᠨ ᠰᠢᠢ᠍ᠳᠪᠦᠷᠢᠯᠡᠭᠰᠡᠨ ᠶᠠᠯᠠᠲᠤ ᠬᠡᠷᠡᠭ᠂ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ 《ᠭᠤᠷᠪᠠ ᠵᠢ ᠬᠠᠮᠲᠤ᠎ᠳᠤᠨᠢ ᠬᠢᠬᠦ》 ᠬᠣᠣᠰ ᠲᠣᠷᠭ᠋ᠠᠭᠤᠯᠢ ᠵᠢᠨ ᠬᠡᠷᠡᠭ᠎ᠢ ᠬᠡᠷᠡᠭᠵᠢᠭᠦᠯᠦᠭᠰᠡᠨ ᠦᠭᠡᠢ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠮᠡᠳᠡᠭᠦᠯᠦᠯᠲᠡ ᠵᠢ ᠬᠠᠭᠤᠷᠮᠠᠭ ᠵᠶ᠋ᠠᠷ ᠵᠣᠬᠢᠶᠠᠭᠰᠠᠨ ᠬᠡᠷᠡᠭ ᠵᠶ᠋ᠡᠷ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠣᠯᠭ᠋ᠠᠵᠤ᠂ ᠬᠡᠷᠡᠭ᠎ᠤᠨ ᠪᠣᠳᠠᠲᠤ ᠶᠠᠪᠤᠳᠠᠯ᠂ ᠬᠠᠤᠯᠢ ᠴᠠᠭ᠋ᠠᠵᠠ ᠵᠢ ᠬᠡᠷᠡᠭᠯᠡᠬᠦ ᠵᠡᠷᠭᠡ ᠠᠰᠠᠭᠤᠳᠠᠯ᠎ᠤᠨ ᠲᠣᠭᠣᠷᠢᠨ᠎ᠳᠤ ᠬᠡᠷᠡᠭ᠎ᠤᠨ ᠵᠢᠱ᠌ᠢᠶ᠎ᠡ᠎ᠪᠠᠷ ᠬᠠᠤᠯᠢ ᠴᠠᠭ᠋ᠠᠵᠠ ᠵᠢ ᠲᠠᠢ᠌ᠯᠪᠤᠷᠢᠯᠠᠵᠤ᠂ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃
      ᠳᠥᠷᠪᠡ᠎ᠳᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠶ᠋ᠠᠷ ᠭᠠᠷᠳᠠᠴᠠ ᠪᠣᠯᠭ᠋ᠠᠵᠤ᠂ ᠬᠠᠤᠯᠢ ᠬᠡᠷᠡᠭᠵᠢᠭᠦᠯᠬᠦ ᠠᠵᠢᠯ᠎ᠢ ᠠᠬᠢᠭᠤᠯᠪᠠ᠃ ᠵᠢᠭᠰᠠᠭ᠋ᠠᠯ᠎ᠤᠨ ᠭᠠᠵᠠᠷ᠎ᠲᠤ 《ᠪᠠᠢ᠌ᠩᠭᠤ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ》᠎ᠤᠨ ᠲᠤᠰᠬᠠᠢ ᠪᠤᠯᠤᠩ ᠭᠠᠷᠭ᠋ᠠᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠮᠬᠢᠯᠡᠨ ᠳᠢᠭᠯᠡᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠨᠢᠭᠡᠪᠦᠷᠢ᠎ᠳᠤ ᠬᠣᠯᠪᠣᠭᠳᠠᠭᠰᠠᠨ ᠪᠠᠲᠤᠯᠠᠭᠰᠠᠨ ᠡᠳᠦᠷ᠂ ᠨᠡᠢ᠌ᠲᠡᠯᠡᠭᠰᠡᠨ ᠡᠳᠦᠷ᠂ ᠬᠡᠷᠡᠭᠵᠢᠭᠦᠯᠦᠭᠰᠡᠨ ᠡᠳᠦᠷ ᠵᠢᠴᠢ ᠵᠠᠰᠠᠪᠤᠷᠢ ᠣᠷᠣᠭᠤᠯᠤᠭᠰᠠᠨ ᠡᠳᠦᠷ᠎ᠲᠤ ᠨᠢᠭᠡᠳᠦᠯᠲᠡᠢ ᠲᠣᠳᠣᠷᠬᠠᠢ᠌ᠯᠠᠯᠲᠠ ᠬᠠᠳᠠᠵᠤ᠂ ᠤᠯᠠᠨ ᠵᠶ᠋ᠠᠷ ᠵᠶ᠋ᠠᠨ ᠲᠣᠰ ᠬᠦᠷᠢᠶᠡᠨ᠎ᠳᠤ ᠪᠠᠢ᠌ᠩᠭᠤ ᠬᠡᠷᠡᠭᠯᠡᠳᠡᠭ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠨᠠᠩ ᠪᠥᠬᠥ ᠲᠠᠯ᠎ᠠ᠎ᠪᠠᠷ᠂ ᠨᠠᠩ ᠲᠦᠷᠭᠡᠨ᠂ ᠨᠠᠩ ᠣᠨᠣᠪᠴᠢᠲᠠᠢ ᠣᠢ᠌ᠯᠠᠭ᠋ᠠᠬᠤ᠎ᠳᠤ ᠲᠥᠬᠥᠮ ᠦᠵᠡᠭᠦᠯᠵᠦ᠂ ᠤᠯᠠᠨ ᠵᠶ᠋ᠠᠷ ᠵᠶ᠋ᠠᠨ ᠬᠠᠤᠯᠢ ᠵᠢ ᠮᠡᠳᠡᠬᠦ᠂ ᠬᠠᠤᠯᠢ ᠵᠢ ᠰᠠᠬᠢᠬᠤ᠂ ᠬᠠᠤᠯᠢ ᠵᠢ ᠬᠡᠷᠡᠭᠯᠡᠬᠦ ᠴᠢᠳᠠᠪᠤᠷᠢ ᠪᠠ ᠦᠵᠡᠯ ᠤᠬᠠᠮᠰᠠᠷ᠎ᠢ ᠪᠦᠲᠦᠮᠵᠢᠲᠡᠢ ᠳᠡᠭᠡᠭᠰᠢᠯᠡᠭᠦᠯᠪᠡ᠃
      ᠲᠠᠪᠤ᠎ᠳᠤ ᠨᠣᠮ ᠪᠢᠴᠢᠭ᠎ᠤᠨ ᠥᠷᠭᠡᠨ ᠬᠠᠷᠠᠭ᠎ᠠ ᠪᠤᠯᠤᠩ ᠭᠠᠷᠭ᠋ᠠᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢ ᠥᠷᠨᠢᠭᠦᠯᠪᠡ᠃ ᠵᠢᠭᠰᠠᠭ᠋ᠠᠯ᠎ᠤᠨ ᠭᠠᠵᠠᠷ᠎ᠲᠤ ᠨᠣᠮ ᠪᠢᠴᠢᠭ᠎ᠤᠨ ᠥᠷᠭᠡᠨ ᠬᠠᠷᠠᠭ᠎ᠠ ᠪᠤᠯᠤᠩ ᠭᠠᠷᠭ᠋ᠠᠬᠤ᠂ ᠨᠣᠮ᠎ᠤᠨ ᠵᠢᠶᠠᠰᠠ᠂ ᠱᠠᠹᠠ ᠲᠣᠬᠢᠷᠠᠭᠤᠯᠬᠤ ᠵᠡᠷᠭᠡ᠎ᠪᠠᠷ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠢᠴᠢ ᠪᠤᠰᠤᠳ ᠬᠦᠷᠢᠶᠡᠨ᠎ᠳᠠᠬᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠮᠬᠢ ᠵᠢᠷᠤᠮ᠎ᠲᠠᠢ᠎ᠪᠠᠷ ᠳᠡᠯᠭᠡᠨ ᠦᠵᠡᠭᠦᠯᠵᠦ᠂ ᠤᠯᠠᠨ᠎ᠳᠤ ᠳᠥᠭᠥᠮ ᠳᠥᠲᠡ᠂ ᠲᠠᠭ᠋ᠠᠯᠠᠮᠵᠢᠲᠠᠢ ᠰᠤᠷᠤᠯᠴᠠᠬᠤ ᠣᠷᠴᠢᠨ ᠨᠥᠬᠥᠴᠡᠯ᠎ᠢ ᠬᠠᠩᠭ᠋ᠠᠵᠤ᠂ ᠤᠯᠠᠨ᠎ᠤ ᠬᠣᠯᠪᠣᠭᠳᠠᠯ ᠪᠦᠬᠦᠢ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ᠂ ᠬᠣᠯᠪᠣᠭᠳᠠᠯ ᠪᠦᠬᠦᠢ ᠮᠡᠳᠡᠯᠭᠡ ᠵᠢ ᠰᠤᠷᠤᠯᠴᠠᠬᠤ᠎ᠳᠤ ᠲᠥᠬᠥᠮ ᠦᠵᠡᠭᠦᠯᠪᠡ᠃
      ᠵᠢᠷᠭᠤᠭ᠎ᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠬᠦᠴᠦᠨ ᠨᠡᠮᠡᠷᠢᠯᠡᠵᠦ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠵᠢᠭᠰᠠᠭ᠋ᠠᠯ᠎ᠤᠨ ᠭᠠᠵᠠᠷ᠎ᠤᠨ ᠲᠣᠬᠢᠷᠠᠭᠤᠯᠤᠯᠲᠠ LED ᠬᠠᠤᠯᠢᠵᠢᠯ᠎ᠤᠨ ᠤᠬᠠᠭᠤᠯᠭ᠎ᠠ ᠵᠢᠨ ᠬᠦᠷᠦᠯᠴᠡᠬᠦ ᠬᠡᠯᠪᠡᠷᠢ ᠵᠢᠨ ᠤᠯᠠᠨ ᠵᠠᠭᠤᠴᠢᠯᠠᠭᠤᠷ᠎ᠤᠨ ᠢᠯᠡᠷᠡᠭᠦᠯᠬᠦ ᠠᠷᠭ᠎ᠠ ᠵᠢ ᠠᠪᠴᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠣᠣᠯᠳᠠᠯᠭ᠎ᠠ᠎ᠲᠠᠢ ᠤᠬᠠᠭᠤᠯᠵᠤ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠸᠢᠳᠢᠤ᠋᠂ ᠺᠠᠷᠲ᠋ᠣᠨ ᠵᠢᠷᠤᠭ ᠵᠡᠷᠭᠡ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠨᠠᠢ᠌ᠳᠠ ᠵᠢᠨ ᠠᠰᠠᠷᠠᠮᠵᠢ ᠵᠢᠨ ᠪᠦᠲᠦᠭᠡᠯ᠎ᠢ ᠲᠣᠭᠲᠠᠭᠰᠠᠨ ᠴᠠᠭ᠎ᠲᠤ ᠨᠠᠪᠲᠠᠷᠡᠭᠦᠯᠵᠦ᠂ ᠣᠳᠣᠬᠢᠴᠢᠯᠠᠭᠰᠠᠨ ᠤᠬᠠᠭᠤᠯᠭ᠎ᠠ ᠵᠢᠨ ᠠᠷᠭ᠎ᠠ ᠪᠠᠷᠢᠯ ᠵᠶ᠋ᠠᠷ ᠬᠠᠷᠢᠯᠴᠠᠨ ᠦᠢ᠍ᠯᠡᠳᠦᠯᠴᠡᠬᠦ ᠴᠢᠨᠠᠷ ᠪᠠ ᠰᠣᠨᠢᠷᠬᠠᠯᠲᠤ ᠴᠢᠨᠠᠷ᠎ᠢ ᠴᠢᠬᠤᠯᠠᠴᠢᠯᠠᠵᠤ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠠᠵᠢᠯ᠎ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠵᠢ ᠪᠦᠲᠦᠮᠵᠢᠲᠡᠢ᠎ᠪᠠᠷ ᠠᠬᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠵᠢᠩᠬᠢᠨᠢ ᠪᠠᠢ᠌ᠭᠤᠯᠤᠭᠳᠠᠪᠠ
ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠪᠥᠬᠥ ᠬᠦᠷᠢᠶᠡᠨ᠎ᠳᠤ ᠥᠷᠨᠢᠭᠦᠯᠵᠦ ᠣᠷᠣᠨ᠎ᠤ ᠲᠥᠪ᠎ᠤᠨ ᠠᠭ᠋ᠠᠷ᠎ᠤᠨ ᠰᠢᠯᠢᠳᠡᠭ᠎ᠢ ᠪᠠᠲᠤᠯᠠᠨ᠎ᠠ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ》 ᠠᠪᠴᠤ 《ᠤᠮᠠᠷᠠᠲᠤ ᠬᠢᠯᠢ ᠵᠢᠨ ᠪᠤᠭᠤᠷᠤᠯᠴᠠᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ ᠬᠢᠪᠡ
 
             蒙ICP备05000248号