ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠪᠥᠬᠥ ᠬᠦᠷᠢᠶᠡᠨ᠎ᠳᠤ ᠥᠷᠨᠢᠭᠦᠯᠵᠦ ᠣᠷᠣᠨ᠎ᠤ ᠲᠥᠪ᠎ᠤᠨ ᠠᠭ᠋ᠠᠷ᠎ᠤᠨ ᠰᠢᠯᠢᠳᠡᠭ᠎ᠢ ᠪᠠᠲᠤᠯᠠᠨ᠎ᠠ
ᠨᠡᠶ᠋ᠢᠲᠡᠯᠡᠭᠰᠡᠨ ᠴᠠᠭ᠄ 2024-04-26

     ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠪᠣᠬᠢᠷᠲᠤᠯ᠎ᠢ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠪᠣᠬᠢᠷᠲᠤᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠴᠢ ᠬᠣᠲᠠ ᠵᠢᠨ ᠵᠠᠰᠠᠭ᠎ᠤᠨ ᠣᠷᠳᠣᠨ᠎ᠤ ᠪᠠᠭᠤᠯᠭ᠋ᠠᠭᠰᠠᠨ 《ᠪᠣᠬᠢᠷᠲᠤᠯ ᠶᠡᠬᠡᠲᠡᠢ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ ᠬᠡᠷᠡᠭᠯᠡᠬᠦ ᠵᠢ ᠴᠠᠭ᠋ᠠᠵᠠᠯᠠᠬᠤ ᠣᠷᠣᠨ ᠪᠦᠰᠡ ᠵᠢ ᠵᠠᠭ᠋ᠠᠭᠯᠠᠨ ᠲᠣᠭᠲᠠᠭ᠋ᠠᠬᠤ ᠲᠤᠬᠠᠢ ᠬᠥᠬᠡᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠣᠢ᠌ᠷ᠎ᠠ ᠵᠢᠨ ᠬᠤᠭᠤᠴᠠᠭ᠋ᠠᠨ᠎ᠳᠤ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠶ᠎ᠠ ᠵᠢᠨ ᠠᠵᠢᠯᠲᠠᠳ ᠬᠠᠷᠢᠶ᠎ᠠ ᠣᠷᠣᠨ᠎ᠳᠠᠭᠠᠨ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠲᠤᠰᠬᠠᠢ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠵᠦ᠂ ᠤᠯᠠᠨ ᠠᠷᠭ᠎ᠠ ᠵᠠᠮ ᠵᠶ᠋ᠠᠷ ᠬᠥᠬᠡᠬᠣᠲᠠ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠪᠠᠲᠤᠯᠠᠪᠠ᠃ ᠲᠤᠰ ᠤᠳᠠᠭ᠎ᠠ ᠵᠢᠨ ᠬᠠᠷᠢᠶ᠎ᠠ ᠲᠣᠭᠣᠷᠢᠭ᠎ᠤᠨ ᠵᠦᠩ᠎ᠲᠠᠢ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠲᠤ ᠰᠣᠩᠭᠣᠨ ᠪᠠᠢ᠌ᠴᠠᠭ᠋ᠠᠭᠰᠠᠨ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠲᠤᠬᠠᠢ ᠵᠢᠨ ᠲᠠᠯᠠᠪᠠᠢ᠎ᠳᠤ᠂ ᠬᠠᠤᠯᠢ ᠬᠡᠷᠡᠭᠵᠢᠭᠦᠯᠬᠦ ᠠᠵᠢᠯᠲᠠᠳ ᠪᠠᠢ᠌ᠴᠠᠭ᠋ᠠᠭᠳᠠᠵᠤ ᠪᠠᠢ᠌ᠭ᠎ᠠ ᠮᠠᠰᠢᠨ ᠲᠡᠷᠭᠡᠨ᠎ᠤ ᠬᠡᠷᠡᠭᠵᠢᠭᠦᠯᠵᠦ ᠪᠠᠢ᠌ᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠪᠣᠯᠣᠨ ᠢᠯᠡᠳᠬᠡᠮᠵᠢ ᠲᠡᠮᠳᠡᠭ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ ᠰᠢᠯᠭ᠋ᠠᠵᠤ᠂ ᠲᠤᠰ ᠬᠦᠷᠢᠶᠡᠯᠡᠩ ᠲᠣᠭᠣᠷᠢᠭ᠎ᠤᠨ 5 ᠰᠢᠯᠵᠢᠮᠡᠯ ᠪᠤᠰᠤ ᠮᠠᠰᠢᠨ ᠮᠧᠬᠠᠨᠢᠭ᠎ᠨᠢ ᠴᠥᠮ ᠭᠠᠳᠠᠭᠰᠢᠯᠠᠭᠤᠯᠤᠯᠲᠠ ᠵᠢᠨ ᠱᠠᠭ᠋ᠠᠷᠳᠠᠯᠭ᠎ᠠ᠎ᠳᠤ ᠬᠦᠷᠴᠡᠢ᠃ ᠲᠣᠰ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ᠎ᠤᠨ ᠬᠠᠷᠢᠭᠤᠴᠠᠯᠭ᠋ᠠᠲᠠᠨ᠎ᠠᠴᠠ᠂ ᠠᠵᠤ ᠠᠬᠤᠢ᠌ᠯᠠᠯ ᠴᠤ᠌ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠪᠣᠬᠢᠷᠲᠤᠯ ᠡᠭᠦᠰᠬᠡᠬᠦ ᠡᠬᠢ ᠰᠤᠷᠪᠤᠯᠵᠢ ᠪᠣᠯᠵᠤ ᠪᠠᠢ᠌ᠬᠤ᠂ ᠭᠠᠭᠴᠠ ᠬᠦ᠌ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠢ᠌ᠴᠠᠭ᠋ᠠᠯᠲᠠ》᠎ᠨᠢ ᠬᠢᠷᠢ ᠲᠡᠩᠴᠡᠪᠡᠯ ᠰᠠᠶᠢ ᠬᠡᠪ᠎ᠤᠨ ᠶᠣᠰᠣᠭ᠋ᠠᠷ ᠠᠵᠢᠯᠯᠠᠵᠤ ᠴᠢᠳᠠᠨ᠎ᠠ ᠭᠡᠳᠡᠭ᠎ᠢ ᠭᠦᠢ᠍ᠴᠡᠳ ᠲᠠᠨᠢᠵᠤ᠂ ᠬᠦᠷᠢᠶᠡᠯᠡᠩ ᠲᠣᠭᠣᠷᠢᠭ ᠴᠤ᠌ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠪᠠᠷᠢᠮᠵᠢᠶ᠎ᠠ᠎ᠳᠤ ᠦᠯᠦ ᠬᠦᠷᠬᠦ ᠮᠠᠰᠢᠨ ᠮᠧᠬᠠᠨᠢᠭ᠎ᠢ ᠵᠠᠬ᠎ᠠ ᠳᠡᠯᠭᠡᠭᠦᠷ᠎ᠤᠨ ᠡᠵᠡᠩᠨᠡᠯᠲᠡ᠎ᠳᠤ ᠣᠷᠣᠭᠤᠯᠬᠤ ᠦᠭᠡᠢ ᠵᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠲᠠᠰᠤ ᠬᠣᠷᠢᠭᠯᠠᠨ᠎ᠠ ᠭᠡᠵᠦ ᠢᠯᠡᠳᠬᠡᠪᠡ᠃ ᠲᠠᠷᠠᠭ᠋ᠠᠴᠢ ᠵᠢᠨ ᠠᠯᠬᠤᠮ᠎ᠳᠤ᠂ ᠬᠣᠲᠣᠩ ᠠᠷᠠᠳ᠎ᠤᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠎ᠠᠴᠠ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠰᠡᠷᠭᠡᠢ᠌ᠯᠡᠨ ᠵᠠᠰᠠᠬᠤ ᠵᠢ ᠤᠶᠠᠯᠳᠤᠭᠤᠯᠤᠨ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ᠂ ᠣᠯᠵᠤ ᠮᠡᠳᠡᠭᠰᠡᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠵᠢᠨ ᠬᠠᠮᠲᠤ ᠱᠠᠯᠠᠪᠳᠠᠭᠤᠯᠤᠨ ᠴᠡᠭᠴᠡᠯᠡᠵᠦ᠂ ᠬᠢᠷᠢ ᠲᠡᠩᠴᠡᠬᠦ ᠦᠭᠡᠢ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ᠎ᠤᠨ ᠬᠡᠷᠡᠭᠯᠡᠯᠲᠡ ᠵᠢ ᠴᠢᠩᠭ᠎ᠠ ᠰᠡᠷᠭᠡᠢ᠌ᠯᠡᠵᠦ᠂ ᠣᠷᠣᠨ᠎ᠤ ᠲᠥᠪ᠎ᠤᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠪᠦᠲᠦᠮᠵᠢᠲᠡᠢ ᠰᠠᠢ᠌ᠵᠢᠷᠠᠭᠤᠯᠬᠤ᠎ᠪᠠᠷ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ》 ᠠᠪᠴᠤ 《ᠤᠮᠠᠷᠠᠲᠤ ᠬᠢᠯᠢ ᠵᠢᠨ ᠪᠤᠭᠤᠷᠤᠯᠴᠠᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠴᠢᠳᠠᠪᠤᠷᠢ ᠵᠢᠨ ᠪᠣᠯᠪᠠᠰᠤᠷᠠᠯ᠎ᠤᠨ ᠠᠩᠭᠢ (ᠲᠠᠪᠤᠳᠤᠭ᠋ᠠᠷ ᠬᠤᠭᠤᠴᠠᠭ᠎ᠠ) ᠨᠠᠨᠵᠢᠩ᠎ᠳᠤ ᠤᠷᠤᠭᠰᠢᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠠᠯᠠᠱ᠌ᠠ ᠠᠶ᠋ᠢᠮᠠᠭ᠎ᠤᠨ ᠰᠤᠪᠠᠨᠠᠭᠤᠷ᠎ᠤᠨ ᠤᠰᠤᠨ ᠥᠷᠲᠡᠭᠡ ᠵᠢᠴᠢ ᠡᠵᠡᠨ᠎ᠡ ᠬᠥᠭᠥᠷᠭᠡ ᠵᠢᠨ ᠣᠭᠲᠣᠯᠣᠭ᠋ᠠᠰᠤ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠪᠡ
 
             蒙ICP备05000248号