ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠵᠢᠩᠬᠢᠨᠢ ᠪᠠᠢ᠌ᠭᠤᠯᠤᠭᠳᠠᠪᠠ
ᠨᠡᠶ᠋ᠢᠲᠡᠯᠡᠭᠰᠡᠨ ᠴᠠᠭ᠄ 2024-04-26

      ᠲᠦᠷᠦᠭᠦᠬᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ᠎ᠤᠨ ᠨᠡᠷᠡᠢ᠌ᠳᠦᠯ᠎ᠢ ᠵᠢᠩᠬᠢᠨᠢ᠎ᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ》 ᠪᠣᠯᠭ᠋ᠠᠨ ᠥᠭᠡᠷᠡᠴᠢᠯᠡᠵᠦ᠂ ᠨᠠᠷᠢᠨ ᠪᠢᠴᠢᠭ᠎ᠤᠨ ᠭᠠᠵᠠᠷ᠎ᠢ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠳᠤ ᠪᠠᠢ᠌ᠷᠢᠯᠠᠭᠤᠯᠵᠤ᠂ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠣᠯᠣᠨ᠎ᠠ᠃ ᠲᠤᠰ ᠵᠥᠪᠯᠡᠯ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠮᠢ ᠠᠬᠤᠢ ᠣᠷᠴᠢᠨ ᠲᠣᠭᠣᠷᠢᠨ᠎ᠤ ᠰᠤᠳᠤᠯᠭ᠋ᠠᠨ᠎ᠤ ᠲᠥᠪ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠂ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠤᠨ ᠬᠢᠨᠠᠨ ᠬᠡᠮᠵᠢᠯᠲᠡ ᠵᠢᠨ ᠲᠥᠪ ᠵᠡᠷᠭᠡ ᠨᠢᠭᠡᠴᠢ ᠵᠢᠨ 69 ᠭᠡᠰᠢᠭᠦᠨ ᠵᠶ᠋ᠡᠷ ᠪᠦᠷᠢᠯᠳᠦᠵᠡᠢ᠃
      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ》᠎ᠨᠢ ᠭᠣᠣᠯᠳᠠᠭᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠂ ᠠᠮᠢ ᠠᠬᠤᠢ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ᠂ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠮᠡᠷᠭᠡᠵᠢᠯ᠎ᠤᠨ ᠵᠢᠷᠤᠮᠵᠢᠯ ᠪᠠ ᠠᠮᠢ ᠠᠬᠤᠢ ᠣᠷᠴᠢᠨ ᠲᠣᠭᠣᠷᠢᠨ᠎ᠤ ᠰᠠᠭᠤᠷᠢ ᠵᠡᠷᠭᠡ ᠬᠦᠷᠢᠶᠡᠨ᠎ᠳᠠᠬᠢ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠢ ᠬᠠᠷᠢᠭᠤᠴᠠᠵᠤ᠂ ᠡᠭᠦᠨ᠎ᠤ ᠤᠯᠠᠮ ᠵᠶ᠋ᠠᠷ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠪᠠᠷᠢᠮᠵᠢᠶᠠᠵᠢᠭᠤᠯᠬᠤ ᠮᠡᠷᠭᠡᠵᠢᠯ᠎ᠤᠨ ᠠᠵᠢᠯ᠎ᠢ ᠪᠥᠬᠥ ᠲᠠᠯ᠎ᠠ᠎ᠪᠠᠷ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠠᠵᠢᠯ ᠲᠥᠷᠥᠯ᠎ᠳᠤ ᠪᠠᠲᠤ ᠪᠡᠬᠢ ᠰᠠᠭᠤᠷᠢ ᠪᠠᠲᠤᠯᠠᠭ᠎ᠠ ᠪᠠ ᠬᠦᠴᠦᠲᠡᠢ ᠮᠡᠷᠭᠡᠵᠢᠯ᠎ᠤᠨ ᠲᠤᠯᠭ᠋ᠠᠭᠤᠷᠢᠯᠠᠯ᠎ᠢ ᠨᠠᠩ ᠰᠠᠶ᠋ᠢᠲᠤᠷ ᠬᠠᠩᠭ᠋ᠠᠨ᠎ᠠ᠃
      ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ᠂ ᠤᠯᠤᠰ᠎ᠠᠴᠠ ᠠᠮᠢ ᠠᠬᠤᠢ ᠣᠷᠴᠢᠨ ᠲᠣᠭᠣᠷᠢᠨ᠎ᠤ ᠨᠥᠬᠥᠴᠡᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠴᠢᠩᠭ᠋ᠠᠳᠬᠠᠬᠤ᠎ᠪᠠᠷ ᠠᠮᠢ ᠠᠬᠤᠢ ᠣᠷᠴᠢᠨ ᠲᠣᠭᠣᠷᠢᠨ᠎ᠤ ᠨᠥᠬᠥᠴᠡᠯ᠎ᠤᠨ ᠬᠠᠮᠠᠭ᠋ᠠᠯᠠᠯᠲᠠ ᠵᠢᠨ ᠪᠠᠢ᠌ᠯᠳᠤᠬᠤ ᠪᠣᠳᠣᠯᠭ᠎ᠠ ᠵᠢᠨ ᠬᠡᠯᠪᠡᠷᠢ ᠵᠢᠨ ᠬᠤᠪᠢᠷᠠᠭᠤᠯᠤᠯᠲᠠ ᠵᠢ ᠬᠥᠲᠥᠯᠥᠨ ᠳᠠᠭ᠋ᠠᠭᠤᠯᠵᠤ᠂ ᠮᠡᠷᠭᠡᠵᠢᠯ᠎ᠤᠨ ᠠᠵᠤ ᠠᠬᠤᠢ ᠵᠢᠨ ᠳᠠᠪᠰᠢᠯᠲᠠ ᠪᠠ ᠠᠵᠤ ᠦᠢ᠍ᠯᠡᠰ᠎ᠤᠨ ᠪᠦᠲᠦᠴᠡ ᠵᠢᠨ ᠰᠢᠯᠢᠳᠡᠭᠵᠢᠨ ᠲᠡᠰ ᠳᠡᠪᠰᠢᠬᠦ ᠵᠢ ᠬᠡᠳᠡᠷᠬᠦ ᠰᠢᠬᠠᠮᠳᠠᠭᠤᠯᠵᠤ᠂ ᠨᠠᠷᠢᠯᠢᠭ ᠣᠨᠣᠴᠠᠲᠠᠢ᠂ ᠰᠢᠨᠵᠢᠯᠡᠬᠦ ᠤᠬᠠᠭ᠋ᠠᠨᠴᠢ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ᠎ᠳᠤ ᠲᠤᠯᠭ᠋ᠠᠭᠤᠷᠢᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ᠎ᠳᠤ ᠬᠦᠴᠦᠨ ᠨᠡᠮᠡᠷᠢᠯᠡᠨ᠎ᠡ ᠭᠡᠵᠦ ᠳᠤᠷᠠᠳᠤᠨ ᠭᠠᠷᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠥᠪᠯᠡᠯ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠵᠢ ᠪᠠᠷᠢᠮᠲᠠᠯᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠷᠢᠮᠵᠢᠶᠠᠵᠢᠭᠤᠯᠬᠤ ᠠᠵᠢᠯ᠎ᠢ ᠴᠢᠭᠯᠡᠯ᠎ᠲᠠᠢ᠂ ᠪᠣᠳᠠᠲᠤ ᠦᠷ᠎ᠡ ᠪᠦᠲᠦᠮᠵᠢ᠎ᠲᠠᠢ᠂ ᠪᠠᠲᠤᠯᠠᠭ᠎ᠠ᠎ᠲᠠᠢ ᠪᠣᠯᠭ᠋ᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ᠂ ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮᠵᠢᠭᠦᠯᠦᠨ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠠᠰᠢᠨ ᠮᠧᠬᠠᠨᠢᠭ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠪᠥᠬᠥ ᠬᠦᠷᠢᠶᠡᠨ᠎ᠳᠤ ᠥᠷᠨᠢᠭᠦᠯᠵᠦ ᠣᠷᠣᠨ᠎ᠤ ᠲᠥᠪ᠎ᠤᠨ ᠠᠭ᠋ᠠᠷ᠎ᠤᠨ ᠰᠢᠯᠢᠳᠡᠭ᠎ᠢ ᠪᠠᠲᠤᠯᠠᠨ᠎ᠠ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ》 ᠠᠪᠴᠤ 《ᠤᠮᠠᠷᠠᠲᠤ ᠬᠢᠯᠢ ᠵᠢᠨ ᠪᠤᠭᠤᠷᠤᠯᠴᠠᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠴᠢᠳᠠᠪᠤᠷᠢ ᠵᠢᠨ ᠪᠣᠯᠪᠠᠰᠤᠷᠠᠯ᠎ᠤᠨ ᠠᠩᠭᠢ (ᠲᠠᠪᠤᠳᠤᠭ᠋ᠠᠷ ᠬᠤᠭᠤᠴᠠᠭ᠎ᠠ) ᠨᠠᠨᠵᠢᠩ᠎ᠳᠤ ᠤᠷᠤᠭᠰᠢᠲᠠᠢ ᠶᠠᠪᠤᠭᠳᠠᠪᠠ
 
             蒙ICP备05000248号