ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠬᠥᠬᠡᠬᠣᠲᠠ ᠠᠩᠬᠠᠨ᠎ᠤ ᠪᠦᠯᠦᠭ᠎ᠤᠨ 《ᠬᠠᠶᠠᠭᠳᠠᠮᠠᠯ ᠦᠭᠡᠢ》 ᠲᠤᠬᠠᠢ ᠵᠢᠨ ᠲᠠᠯᠠᠪᠤᠷ᠎ᠤᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ
ᠨᠡᠶ᠋ᠢᠲᠡᠯᠡᠭᠰᠡᠨ ᠴᠠᠭ᠄ 2024-04-26

      《ᠬᠥᠬᠡᠬᠣᠲᠠ ᠵᠢᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠤᠭᠤᠴᠠᠭ᠋ᠠᠨ᠎ᠳᠠᠬᠢ 《ᠬᠠᠶᠠᠭᠳᠠᠮᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ》 ᠪᠠ 《ᠬᠥᠬᠡᠬᠣᠲᠠ ᠵᠢᠨ 〈ᠬᠠᠶᠠᠭᠳᠠᠮᠠᠯ ᠦᠭᠡᠢ〉 ᠡᠭᠦᠳᠦᠨ ᠪᠠᠢ᠌ᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 ᠶᠣᠰᠣᠭ᠋ᠠᠷ᠂ 2024 ᠣᠨ᠎ᠤ 2 ᠰᠠᠷ᠎ᠠ᠎ᠠᠴᠠ 3 ᠰᠠᠷ᠎ᠠ ᠪᠣᠯᠲᠠᠯ᠎ᠠ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠥᠬᠡᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ ᠪᠠ ᠬᠣᠲᠠ ᠵᠢᠨ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠢ ᠵᠣᠬᠢᠶᠠᠨ ᠪᠠᠢ᠌ᠭᠤᠯᠵᠤ ᠬᠥᠬᠡᠬᠣᠲᠠ ᠵᠢᠨ ᠠᠩᠬᠠᠨ᠎ᠤ ᠪᠦᠯᠦᠭ 《ᠬᠠᠶᠠᠭᠳᠠᠮᠠᠯ ᠦᠭᠡᠢ》 ᠡᠭᠦᠳᠦᠨ ᠪᠠᠢ᠌ᠭᠤᠯᠬᠤ ᠠᠵᠢᠯᠯᠠᠭ᠎ᠠ ᠵᠢ ᠰᠢᠯᠭ᠋ᠠᠨ ᠠᠪᠬᠤ ᠠᠵᠢᠯ᠎ᠢ ᠥᠷᠨᠢᠭᠦᠯᠪᠡ᠃ 《ᠬᠥᠬᠡᠬᠣᠲᠠ ᠵᠢᠨ 〈ᠬᠠᠶᠠᠭᠳᠠᠮᠠᠯ ᠦᠭᠡᠢ〉 ᠡᠭᠦᠳᠦᠨ ᠪᠠᠢ᠌ᠭᠤᠯᠬᠤ ᠠᠵᠢᠯᠯᠠᠭ᠎ᠠ ᠵᠢ ᠦᠨᠡᠯᠡᠬᠦ ᠭᠦᠢ᠍ᠴᠡᠳᠬᠡᠯ ᠲᠣᠭ᠎ᠠ》᠎ᠲᠠᠢ ᠬᠠᠷᠢᠴᠠᠭᠤᠯᠵᠤ᠂ ᠰᠢᠯᠭ᠋ᠠᠨ ᠠᠪᠬᠤ ᠠᠵᠢᠯ᠎ᠤᠨ ᠳᠤᠭᠤᠢ᠌ᠯᠠᠩ ᠲᠤᠬᠠᠢ ᠵᠢᠨ ᠲᠠᠯᠠᠪᠤᠷ᠎ᠲᠤ ᠮᠠᠲ᠋ᠧᠷᠢᠶᠠᠯ ᠪᠠᠢ᠌ᠴᠠᠭ᠋ᠠᠨ ᠦᠵᠡᠬᠦ ᠪᠠ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ ᠠᠷᠭ᠎ᠠ ᠮᠠᠶᠢᠭ ᠵᠶ᠋ᠠᠷ ᠳᠡᠮᠵᠢᠨ᠂ ᠲᠦᠷᠦᠭᠦᠸ᠋ ᠪᠦᠯᠦᠭ᠎ᠤᠨ 16 《ᠬᠠᠶᠠᠭᠳᠠᠮᠠᠯ ᠦᠭᠡᠢ》 ᠡᠭᠦᠳᠦᠨ ᠪᠠᠢ᠌ᠭᠤᠯᠬᠤ ᠠᠵᠢᠯᠯᠠᠭ᠎ᠠ ᠵᠢ ᠰᠢᠯᠭ᠋ᠠᠨ ᠠᠪᠬᠤ ᠠᠵᠢᠯ᠎ᠢ ᠥᠷᠨᠢᠭᠦᠯᠪᠡ᠃
      ᠨᠢᠭᠡ᠂ 《ᠬᠠᠶᠠᠭᠳᠠᠮᠠᠯ ᠦᠭᠡᠢ ᠦᠢ᠍ᠯᠡᠳᠪᠦᠷᠢ》
      《ᠬᠠᠶᠠᠭᠳᠠᠮᠠᠯ ᠦᠭᠡᠢ ᠦᠢ᠍ᠯᠡᠳᠪᠦᠷᠢ》 ᠵᠢ ᠡᠭᠦᠳᠦᠨ ᠪᠠᠢ᠌ᠭᠤᠯᠬᠤ ᠠᠵᠢᠯ᠎ᠢ ᠵᠢᠯᠤᠭᠣᠳᠬᠤ᠎ᠪᠠᠷ ᠳᠠᠮᠵᠢᠭᠤᠯᠤᠨ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠠᠮᠢᠳᠤᠷᠠᠯ᠎ᠤᠨ ᠬᠣᠭ ᠨᠣᠪᠰᠢ ᠵᠡᠷᠭᠡ ᠭᠤᠷᠪᠠᠨ ᠶᠡᠬᠡ ᠲᠥᠷᠥᠯ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠶ᠋ᠠᠷ ᠭᠣᠣᠯᠳᠠᠯᠭ᠎ᠠ ᠪᠣᠯᠭ᠋ᠠᠵᠤ᠂ ᠳᠦᠷᠢᠮ᠎ᠤᠨ ᠬᠠᠮᠢᠶᠠᠷᠤᠯᠲᠠ᠂ ᠬᠢᠨᠠᠯᠲᠠ ᠲᠠᠯᠪᠢᠬᠤ ᠰᠢᠰᠲ᠋ᠧᠮ᠂ ᠵᠢᠷᠤᠮᠵᠢᠭᠤᠯᠤᠨ ᠬᠠᠳᠠᠭ᠋ᠠᠯᠠᠬᠤ᠂ ᠬᠣᠷᠢᠶᠠᠨ ᠠᠪᠴᠤ ᠠᠰᠢᠭᠯᠠᠬᠤ ᠵᠡᠷᠭᠡ ᠤᠯᠠᠨ ᠲᠠᠯ᠎ᠠ᠎ᠠᠴᠠ ᠡᠬᠢ ᠡᠭᠦᠰᠦᠯ᠎ᠠᠴᠠ᠎ᠨᠢ ᠬᠡᠮᠵᠢᠶ᠎ᠡ ᠵᠢ ᠪᠠᠭ᠋ᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠴᠢᠷᠮᠠᠢ᠌ᠨ ᠪᠡᠶᠡᠯᠡᠭᠦᠯᠵᠦ᠂ ᠥᠪᠥᠷ ᠮᠣᠩᠭᠣᠯ᠎ᠤᠨ ᠵᠢᠨ ᠽᠧ ᠢᠯᠢ ᠰᠦ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠵᠢᠨ ᠬᠠᠨ ᠢᠯᠢ ᠰᠦ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠵᠢᠨ ᠬᠠᠢ ᠢᠯᠢ ᠰᠦ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠥᠪᠥᠷ ᠮᠣᠩᠭᠣᠯ᠎ᠤᠨ ᠵᠥᠩ ᠬᠤᠸᠠᠨ ᠭᠡᠷᠡᠯ ᠴᠡᠨᠡᠭ᠎ᠤᠨ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ᠂ ᠶᠤᠸᠠᠨ ᠾᠧ ᠡᠮ᠎ᠤᠨ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠲᠧ ᠭᠤᠤ ᠰᠢᠨ ᠰᠦ ᠵᠢᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠮᠧᠩ ᠨᠢᠦ ᠳᠡᠭᠡᠳᠦ ᠰᠢᠨ᠎ᠡ ᠰᠦ ᠵᠢᠨ ᠦᠢ᠍ᠯᠡᠰ (ᠬᠣᠷᠢᠨᠭᠡᠷ)᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠵᠢᠨ ᠳ᠋ᠠ ᠸᠧᠢ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠡᠷᠭᠡ 8 ᠺᠣᠮᠫᠠᠨᠢ 《ᠬᠠᠶᠠᠭᠳᠠᠮᠠᠯ ᠦᠭᠡᠢ ᠦᠢ᠍ᠯᠡᠳᠪᠦᠷᠢ》 ᠵᠢᠨ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠪᠡ᠃
      ᠡᠭᠦᠨ᠎ᠳᠤ ᠥᠪᠥᠷ ᠮᠣᠩᠭᠣᠯ᠎ᠤᠨ ᠵᠢᠨ ᠬᠠᠢ ᠵᠢᠨ ᠢᠯᠢ ᠰᠦ ᠵᠢᠨ ᠦᠢ᠍ᠯᠡᠰ᠎ᠤᠨ ᠬᠢᠵᠠᠭ᠋ᠠᠷᠲᠤ ᠺᠣᠮᠫᠠᠨᠢ 《ᠪᠣᠬᠢᠷᠲᠤᠯ ᠦᠭᠡᠢ ᠦᠢ᠍ᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠬᠥᠭᠵᠢᠯᠲᠡ》 ᠭᠤᠷᠪᠠ ᠵᠢ ᠨᠢᠭᠡ ᠴᠣᠭᠴᠠᠵᠢᠭᠤᠯᠤᠭᠰᠠᠨ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠪᠥᠬᠥ ᠠᠵᠢᠯᠲᠠᠳ᠎ᠢ ᠵᠣᠬᠢᠶᠠᠨ ᠪᠠᠢ᠌ᠭᠤᠯᠤᠨ 《ᠬᠠᠶᠠᠭᠳᠠᠮᠠᠯ ᠦᠭᠡᠢ ᠦᠢ᠍ᠯᠡᠳᠪᠦᠷᠢ》 ᠵᠢ ᠡᠭᠦᠳᠦᠨ ᠪᠠᠢ᠌ᠭᠤᠯᠬᠤ ᠠᠵᠢᠯ᠎ᠳᠤ ᠢᠳᠡᠪᠬᠢᠲᠡᠢ ᠣᠷᠣᠯᠴᠠᠭᠤᠯᠬᠤ ᠵᠢᠨ ᠬᠠᠮᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠪᠠᠭ᠋ᠠᠰᠬᠠᠨ ᠰᠠᠢ᠌ᠵᠢᠷᠠᠭᠤᠯᠬᠤ ᠠᠯᠢ ᠤᠯᠠᠨ ᠠᠵᠢᠯᠯᠠᠭ᠎ᠠ ᠵᠢ ᠥᠷᠨᠢᠭᠦᠯᠪᠡ᠃ ᠬᠠᠶᠠᠭᠳᠠᠮᠠᠯ ᠦᠭᠡᠢ ᠦᠢ᠍ᠯᠡᠳᠪᠦᠷᠢ ᠵᠢ ᠡᠭᠦᠳᠦᠨ ᠪᠠᠢ᠌ᠭᠤᠯᠬᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ᠂ ᠣᠷᠴᠢᠨ ᠲᠣᠭᠣᠷᠢᠨ᠎ᠤ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠪᠠᠢ᠌ᠭᠤᠯᠵᠤ᠂ ᠦᠢ᠍ᠯᠡᠳᠪᠦᠷᠢ ᠵᠢᠨ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠶᠠᠪᠤᠴᠠ ᠵᠢ ᠵᠢᠷᠤᠮᠵᠢᠭᠤᠯᠪᠠ᠃ ᠭᠦᠸᠧᠯᠦ ᠵᠢᠨ ᠰᠢᠲᠠᠭ᠋ᠠᠯᠭ᠎ᠠ ᠵᠢᠨ ᠨᠡᠭᠦᠷᠡᠰᠦ ᠵᠢ ᠰᠢᠲᠠᠮᠠᠬᠠᠢ ᠬᠡᠢ ᠪᠣᠯᠭ᠋ᠠᠨ ᠥᠭᠡᠷᠡᠴᠢᠯᠡᠬᠦ᠎ᠪᠠᠷ ᠳᠠᠮᠵᠢᠭᠤᠯᠤᠨ᠂ WHSQ ᠴᠠᠭ᠋ᠠᠰᠤ ᠬᠡᠷᠡᠭᠯᠡᠬᠦ ᠦᠭᠡᠢ ᠡᠯᠧᠺᠲᠷᠣᠨ ᠠᠯᠪᠠᠯᠠᠬᠤ ᠰᠢᠰᠲ᠋ᠧᠮ᠎ᠢ ᠬᠡᠷᠡᠭᠯᠡᠨ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠬᠡᠷᠡᠭᠵᠢᠭᠦᠯᠵᠦ᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠬᠡᠯᠪᠡᠷᠢ ᠵᠢᠨ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠢ ᠬᠤᠳᠠᠯᠳᠤᠨ ᠠᠪᠴᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠪᠣᠭᠣᠳᠠᠯ᠎ᠤᠨ ᠮᠠᠲ᠋ᠧᠷᠢᠶᠠᠯ᠎ᠢ ᠰᠠᠢ᠌ᠵᠢᠷᠠᠭᠤᠯᠤᠨ᠂ ᠡᠩ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠢ ᠬᠠᠶᠠᠭᠳᠠᠮᠠᠯ ᠪᠣᠳᠠᠰ᠎ᠤᠨ ᠭᠠᠷᠤᠯᠲᠠ ᠵᠢᠨ ᠬᠡᠮᠵᠢᠶ᠎ᠡ ᠵᠢ ᠶᠡᠬᠡᠪᠡᠷ ᠪᠠᠭ᠋ᠠᠰᠬᠠᠵᠤ᠂ ᠤᠯᠠᠨ ᠵᠢᠯ ᠳᠠᠷᠠᠭ᠋ᠠᠯᠠᠨ ᠡᠩ᠎ᠤᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠠᠶᠤᠯᠲᠠᠢ ᠬᠠᠶᠠᠭᠳᠠᠮᠠᠯ ᠪᠣᠳᠠᠰ᠎ᠤᠨ ᠬᠦᠴᠦᠯᠡᠴᠡ ᠵᠢᠯ ᠳᠠᠷᠠᠭ᠋ᠠᠯᠠᠨ ᠪᠠᠭᠤᠷᠠᠬᠤ ᠬᠠᠨᠳᠤᠰᠢ᠎ᠲᠠᠢ ᠪᠣᠯᠪᠠ; ᠲᠣᠭ᠋ᠠᠵᠢᠭᠤᠯᠤᠭᠰᠠᠨ ᠲᠠᠪᠴᠠᠩ᠎ᠢ ᠪᠠᠢ᠌ᠭᠤᠯᠵᠤ᠂ ᠦᠢ᠍ᠯᠡᠳᠪᠦᠷᠢ ᠵᠢᠨ ᠡᠨᠧᠷᠭᠢ ᠵᠢᠨ ᠰᠤᠷᠪᠤᠯᠵᠢ ᠪᠠ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠲᠣᠭ᠋ᠠᠵᠢᠭᠤᠯᠤᠭᠰᠠᠨ ᠬᠠᠮᠢᠶᠠᠷᠤᠯᠲᠠ ᠵᠢ ᠥᠷᠨᠢᠭᠦᠯᠵᠦ᠂ ᠦᠢ᠍ᠯᠡᠳᠪᠦᠷᠢ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠭᠤᠯᠪᠡ᠃
      ᠥᠪᠥᠷ ᠮᠣᠩᠭᠣᠯ᠎ᠤᠨ ᠲᠧ ᠭᠤᠤ ᠰᠢᠨ ᠰᠦ ᠵᠢᠨ ᠦᠢ᠍ᠯᠡᠳᠬᠦᠨ᠎ᠤ ᠬᠢᠵᠠᠭ᠋ᠠᠷᠲᠤ ᠺᠣᠮᠫᠠᠨᠢ ᠡᠨᠧᠷᠭᠢ ᠵᠢᠨ ᠬᠠᠮᠢᠶᠠᠷᠤᠯᠲᠠ᠂ ᠡᠬᠢ ᠪᠠᠶᠠᠯᠢᠭ᠎ᠢ ᠠᠷᠪᠢᠯᠠᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠡᠷᠭᠡ᠎ᠪᠠᠷ ᠭᠣᠣᠯᠳᠠᠯᠭ᠎ᠠ ᠪᠣᠯᠭ᠋ᠠᠨ ᠤᠷᠢᠳ ᠬᠣᠵᠢᠳ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮ᠂ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠢᠰᠲ᠋ᠧᠮ᠂ ᠡᠨᠧᠷᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠭᠡᠷᠡᠴᠢᠯᠡᠯ ᠵᠡᠷᠭᠡ᠎ᠪᠠᠷ ᠳᠠᠮᠵᠢᠭᠤᠯᠤᠨ ᠠᠵᠤ ᠠᠬᠤᠢ᠌ᠯᠠᠯ᠎ᠤᠨ ᠥᠪᠡᠷ᠎ᠤᠨ 《ᠪᠣᠬᠢᠷᠲᠤᠯ ᠦᠭᠡᠢ ᠡᠵᠡᠩᠨᠡᠯᠲᠡ ᠬᠠᠮᠢᠶᠠᠷᠤᠯᠲᠠ ᠵᠢᠨ ᠵᠠᠭᠪᠤᠷ》᠎ᠢ ᠪᠤᠢ ᠪᠣᠯᠭ᠋ᠠᠪᠠ᠃ 《ᠬᠠᠶᠠᠭᠳᠠᠮᠠᠯ ᠦᠭᠡᠢ ᠦᠢ᠍ᠯᠡᠳᠪᠦᠷᠢ》 ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠰᠢᠰᠲ᠋ᠧᠮ᠎ᠢ ᠪᠠᠢ᠌ᠭᠤᠯᠵᠤ᠂ 《ᠬᠠᠶᠠᠭᠳᠠᠮᠠᠯ ᠦᠭᠡᠢ ᠦᠢ᠍ᠯᠡᠳᠪᠦᠷᠢ》 ᠵᠢ ᠡᠭᠦᠳᠦᠨ ᠪᠠᠢ᠌ᠭᠤᠯᠬᠤ ᠬᠠᠷᠠᠯᠲᠠ ᠵᠢᠨ ᠲᠣᠭᠣᠷᠢᠨ᠎ᠳᠤ᠂ 《ᠬᠠᠶᠠᠭᠳᠠᠮᠠᠯ ᠦᠭᠡᠢ ᠦᠢ᠍ᠯᠡᠳᠪᠦᠷᠢ》 ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠡᠭᠦᠰᠦᠯ᠎ᠤᠨ ᠬᠡᠮᠵᠢᠶ᠎ᠡ ᠵᠢ ᠪᠠᠭ᠋ᠠᠰᠬᠠᠬᠤ ᠵᠢ ᠠᠬᠢᠭᠤᠯᠵᠤ᠂ ᠠᠷᠢᠭᠤᠨ ᠴᠡᠪᠡᠷ ᠦᠢ᠍ᠯᠡᠳᠪᠦᠷᠢᠯᠡᠯ ᠪᠠ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠪᠦᠷᠢᠯᠡᠯ᠎ᠢ ᠭᠦᠨᠵᠡᠭᠡᠢ ᠠᠬᠢᠭᠤᠯᠪᠠ; ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠲᠠᠰ ᠲᠥᠷᠥᠯ ᠬᠤᠪᠢᠶᠠᠨ ᠬᠠᠮᠢᠶᠠᠷᠬᠤ ᠪᠠᠷᠢᠮᠵᠢᠶ᠎ᠠ ᠵᠢ ᠪᠠᠢ᠌ᠭᠤᠯᠵᠤ᠂ ᠤᠯᠠᠨ ᠠᠷᠭ᠎ᠠ ᠵᠠᠮ ᠵᠶ᠋ᠠᠷ ᠳᠠᠮᠵᠢᠭᠤᠯᠤᠨ ᠨᠡᠢ᠌ᠭᠡᠮ᠎ᠤᠨ ᠬᠢᠨᠠᠯᠲᠠ ᠵᠢ ᠬᠦᠯᠢᠶᠡᠪᠡ; ᠦᠢ᠍ᠯᠡᠳᠪᠦᠷᠢ ᠵᠢᠨ ᠳᠣᠲᠣᠭ᠋ᠠᠳᠤ ᠵᠢᠨ ᠬᠣᠭ ᠨᠣᠪᠰᠢ ᠵᠢ ᠲᠥᠷᠥᠯ ᠬᠤᠪᠢᠶᠠᠨ ᠪᠠᠢ᠌ᠷᠢᠰᠢᠭᠤᠯᠬᠤ᠎ᠨᠢ ᠵᠦᠢ ᠵᠣᠬᠢᠰᠲᠠᠢ᠂ ᠲᠥᠷᠥᠯ ᠬᠤᠪᠢᠶᠠᠭᠰᠠᠨ᠎ᠨᠢ ᠪᠦᠷᠢᠨ ᠭᠦᠢ᠍ᠴᠡᠳ ᠪᠠᠢ᠌ᠵᠤ᠂ ᠲᠠᠯᠠᠪᠤᠷ ᠭᠠᠵᠠᠷ᠎ᠤᠨ ᠣᠷᠴᠢᠨ ᠲᠣᠭᠣᠷᠢᠨ᠎ᠳᠤ 5S ᠬᠠᠮᠢᠶᠠᠷᠤᠯᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠣᠷᠴᠢᠨ ᠲᠣᠭᠣᠷᠢᠨ᠎ᠢ ᠴᠡᠪᠡᠷ ᠲᠡᠭᠰᠢ ᠪᠠᠢ᠌ᠯᠭ᠋ᠠᠪᠠ; ᠦᠢ᠍ᠯᠡᠳᠪᠦᠷᠢ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠲᠡᠷᠢᠭᠦᠨ᠎ᠤ ᠡᠭᠦᠷᠭᠡ ᠴᠢᠳᠠᠪᠬᠢᠲᠤ ᠦᠢ᠍ᠯᠡᠳᠪᠦᠷᠢᠯᠡᠯ᠎ᠤᠨ ᠱᠤᠭᠤᠮ᠎ᠢ ᠬᠡᠷᠡᠭᠯᠡᠵᠦ᠂ ᠡᠨᠧᠷᠭᠢ ᠠᠷᠪᠢᠯᠠᠬᠤ ᠳ᠋ᠧᠩ᠎ᠤᠨ ᠬᠡᠷᠡᠭᠰᠡᠯ᠎ᠤᠨ ᠬᠡᠷᠡᠭᠯᠡᠯᠲᠡ ᠵᠢᠨ ᠬᠠᠷᠢᠴᠠᠯ᠎ᠢ ᠳᠡᠭᠡᠭᠰᠢᠯᠡᠭᠦᠯᠵᠦ᠂ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠣᠬᠢᠷᠲᠤᠯ ᠦᠭᠡᠢ ᠦᠢ᠍ᠯᠡᠳᠪᠦᠷᠢᠯᠡᠯ᠎ᠢ ᠪᠡᠶᠡᠯᠡᠭᠦᠯᠪᠡ; ᠪᠦᠷᠢᠨ ᠲᠡᠭᠦᠯᠳᠡᠷ ᠪᠣᠭᠣᠳᠠᠯᠯᠠᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠡᠨᠧᠷᠭᠢ ᠠᠷᠪᠢᠯᠠᠬᠤ ᠪᠣᠭᠣᠳᠠᠯᠯᠠᠬᠤ ᠮᠠᠲ᠋ᠧᠷᠢᠶᠠᠯ᠎ᠢ ᠰᠢᠯᠢᠳᠡᠭᠴᠢᠯᠡᠨ ᠰᠣᠩᠭᠣᠪᠠ; ᠲᠣᠭ᠋ᠠᠴᠢᠯᠠᠭᠰᠠᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ᠎ᠳᠤ ᠠᠭᠤᠰᠤᠯᠴᠠᠭᠤᠯᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠦᠷᠭᠦᠯᠵᠢᠯᠡᠬᠦ ᠬᠥᠭᠵᠢᠯᠲᠡ ᠵᠢ ᠠᠬᠢᠭᠤᠯᠪᠠ᠃
      ᠬᠣᠶᠠᠷ᠂ 《ᠬᠠᠶᠠᠭᠳᠠᠮᠠᠯ ᠦᠭᠡᠢ ᠪᠠᠢ᠌ᠭᠤᠯᠭ᠎ᠠ》
      ᠳᠥᠷᠪᠡᠨ ᠬᠣᠲᠠ ᠵᠢᠨ ᠰᠢᠭᠤᠳ ᠬᠠᠷᠢᠶ᠎ᠠ ᠨᠢᠭᠡᠴᠢ ᠵᠢᠨ ᠬᠥᠬᠡᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠪᠠᠢ᠌ᠭᠤᠯᠭ᠎ᠠ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠨᠢ ᠡᠨᠧᠷᠭᠢ ᠵᠢ ᠪᠠᠭ᠋ᠠᠰᠬᠠᠵᠤ ᠬᠣᠷᠣᠭᠳᠠᠯ᠎ᠢ ᠪᠠᠭ᠋ᠠᠰᠬᠠᠬᠤ᠂ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠂ ᠤᠬᠠᠭᠤᠯᠤᠨ ᠳᠡᠯᠭᠡᠷᠡᠭᠦᠯᠬᠦ᠂ ᠡᠨᠧᠷᠭᠢ ᠠᠷᠪᠢᠯᠠᠬᠤ ᠥᠭᠡᠷᠡᠴᠢᠯᠡᠯᠲᠡ᠂ ᠴᠡᠪᠡᠷ ᠡᠨᠧᠷᠭᠢ ᠬᠡᠷᠡᠭᠯᠡᠬᠦ ᠵᠡᠷᠭᠡ ᠲᠠᠯ᠎ᠠ᠎ᠪᠠᠷ 《ᠬᠠᠶᠠᠭᠳᠠᠮᠠᠯ ᠦᠭᠡᠢ ᠪᠠᠢ᠌ᠭᠤᠯᠭ᠎ᠠ》 ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠵᠦ᠂ ᠨᠠᠮ ᠵᠠᠰᠠᠭ᠎ᠤᠨ ᠪᠠᠢ᠌ᠭᠤᠯᠭ᠎ᠠ ᠵᠢᠨ ᠠᠵᠢᠯᠴᠢ ᠠᠷᠪᠢᠴᠢ᠎ᠪᠠᠷ ᠠᠷᠪᠢᠯᠠᠨ ᠭᠠᠮᠨᠠᠬᠤ ᠵᠢ ᠴᠢᠩᠭ᠎ᠠ ᠬᠡᠷᠡᠭᠵᠢᠭᠦᠯᠬᠦ ᠵᠢ ᠠᠬᠢᠭᠤᠯᠵᠤ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠢ ᠠᠷᠪᠢᠯᠠᠬᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠠᠢ᠌ᠭᠤᠯᠭ᠎ᠠ ᠵᠢᠨ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠪᠠ᠃ 《ᠬᠠᠶᠠᠭᠳᠠᠮᠠᠯ ᠦᠭᠡᠢ ᠪᠠᠢ᠌ᠭᠤᠯᠭ᠎ᠠ》 ᠵᠢ ᠡᠭᠦᠳᠦᠨ ᠪᠠᠢ᠌ᠭᠤᠯᠬᠤ ᠠᠵᠢᠯᠯᠠᠭ᠎ᠠ᠎ᠨᠢ ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠵᠢᠯ᠎ᠤᠨ ᠠᠷᠭ᠎ᠠ ᠮᠠᠶᠢᠭ᠎ᠢ ᠪᠤᠢ ᠪᠣᠯᠭ᠋ᠠᠵᠤ᠂ ᠪᠣᠬᠢᠷᠲᠤᠯ ᠦᠭᠡᠢ ᠠᠮᠢᠳᠤᠷᠠᠯ᠎ᠢ ᠡᠷᠬᠢᠮᠯᠡᠬᠦ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠳᠥᠷᠪᠡᠨ 《ᠬᠠᠶᠠᠭᠳᠠᠯ ᠦᠭᠡᠢ ᠪᠠᠢ᠌ᠭᠤᠯᠭ᠎ᠠ》 ᠰᠢᠯᠭ᠋ᠠᠯᠲᠠ᠎ᠳᠤ ᠤᠷᠤᠭᠰᠢᠲᠠᠢ᠎ᠪᠠᠷ ᠬᠢᠷᠢ ᠲᠡᠩᠴᠡᠪᠡ᠃
      ᠭᠤᠷᠪᠠ᠂ 《ᠬᠠᠶᠠᠭᠳᠠᠯ ᠦᠭᠡᠢ ᠰᠤᠷᠭ᠋ᠠᠭᠤᠯᠢ》
      ᠬᠥᠬᠡᠬᠣᠲᠠ ᠵᠢᠨ ᠳᠥᠷᠪᠡᠨ 《ᠬᠠᠶᠠᠭᠳᠠᠮᠠᠯ ᠦᠭᠡᠢ ᠰᠤᠷᠭ᠋ᠠᠭᠤᠯᠢ》 ᠢᠤᠢ᠌ᠴᠤᠸᠠᠨ ᠲᠣᠭᠣᠷᠢᠭ᠎ᠤᠨ ᠲᠦᠩ ᠱᠦᠨ ᠵᠡᠭᠡᠯᠢ ᠵᠢᠨ ᠪᠠᠭ᠎ᠠ ᠰᠤᠷᠭ᠋ᠠᠭᠤᠯᠢ᠂ ᠰᠠᠢ᠌ᠬᠠᠨ ᠲᠣᠭᠣᠷᠢᠭ᠎ᠤᠨ ᠲᠧᠩ ᠹᠧᠢ ᠵᠠᠮ᠎ᠤᠨ ᠪᠠᠭ᠎ᠠ ᠰᠤᠷᠭ᠋ᠠᠭᠤᠯᠢ᠂ ᠬᠣᠲᠣᠩ ᠠᠷᠠᠳ᠎ᠤᠨ ᠲᠣᠭᠣᠷᠢᠭ᠎ᠤᠨ ᠪᠣᠢ᠌ᠷ ᠵᠠᠮ᠎ᠤᠨ ᠪᠠᠭ᠎ᠠ ᠰᠤᠷᠭ᠋ᠠᠭᠤᠯᠢ ᠵᠢᠨ ᠬᠣᠢ᠌ᠲᠤ ᠰᠤᠷᠭ᠋ᠠᠭᠤᠯᠢ ᠵᠢᠨ ᠲᠣᠭᠣᠷᠢᠭ᠂ ᠰᠢᠨ᠎ᠡ ᠬᠣᠲᠠ ᠲᠣᠭᠣᠷᠢᠭ᠎ᠤᠨ ᠱᠤ᠌ ᠭᠤᠸᠠᠩ ᠬᠡᠦᠬᠡᠳ᠎ᠤᠨ ᠴᠡᠴᠡᠷᠯᠢᠭ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠂ ᠬᠢᠴᠢᠶᠡᠯ᠎ᠤᠨ ᠲᠣᠬᠢᠷᠠᠭᠤᠯᠤᠯᠲᠠ᠂ ᠪᠣᠬᠢᠷᠲᠤᠯ ᠦᠭᠡᠢ ᠠᠶᠠᠯᠠᠯ᠂ ᠴᠡᠪᠡᠷ ᠡᠨᠧᠷᠭᠢ ᠵᠢᠨ ᠬᠡᠷᠡᠭᠯᠡᠯᠲᠡ ᠵᠡᠷᠭᠡ ᠲᠠᠯ᠎ᠠ᠎ᠪᠠᠷ ᠡᠭᠦᠳᠦᠨ ᠪᠠᠢ᠌ᠭᠤᠯᠬᠤ ᠠᠵᠢᠯ ᠥᠷᠨᠢᠭᠦᠯᠪᠡ᠃ ᠳᠥᠷᠪᠡᠨ 《ᠬᠠᠶᠠᠭᠳᠠᠮᠠᠯ ᠦᠭᠡᠢ ᠰᠤᠷᠭ᠋ᠠᠭᠤᠯᠢ》᠎ᠨᠢ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠢᠴᠢᠶᠡᠯ᠎ᠢ ᠠᠮᠢ ᠠᠬᠤᠢ ᠵᠢᠨ ᠪᠣᠯᠪᠠᠰᠤᠨ᠎ᠤ ᠬᠥᠮᠦᠵᠢᠯ᠎ᠤᠨ ᠰᠢᠰᠲ᠋ᠧᠮ᠎ᠳᠤ ᠣᠷᠣᠭᠤᠯᠵᠤ᠂ ᠪᠠᠭᠰᠢ ᠰᠤᠷᠤᠭᠴᠢᠳ᠎ᠤᠨ ᠰᠠᠨᠠᠭ᠋ᠠᠴᠢᠯᠠᠭ᠎ᠠ᠎ᠠᠴᠠ᠎ᠪᠠᠨ 《ᠬᠠᠶᠠᠭᠳᠠᠯ ᠦᠭᠡᠢ ᠰᠤᠷᠭ᠋ᠠᠭᠤᠯᠢ ᠵᠢᠨ ᠬᠦᠷᠢᠶ᠎ᠡ》 ᠵᠢᠨ ᠪᠠᠢ᠌ᠭᠤᠯᠤᠯᠲᠠ ᠪᠠ ᠰᠢᠨ᠎ᠡ ᠵᠢ ᠡᠭᠦᠳᠬᠦ᠎ᠳᠤ ᠣᠷᠣᠯᠴᠠᠬᠤ ᠵᠢ ᠬᠥᠲᠥᠯᠥᠨ ᠵᠢᠯᠤᠭᠣᠳᠴᠤ᠂ ᠪᠠᠭ᠎ᠠ ᠨᠡᠭᠦᠷᠡᠰᠦᠲᠥ᠋ᠷᠥᠭᠴᠢᠲᠦ᠂ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ ᠮᠠᠶᠢᠭ᠎ᠤᠨ ᠰᠤᠷᠭ᠋ᠠᠭᠤᠯᠢ᠂ ᠰᠤᠷᠤᠯᠭ᠎ᠠ᠂ ᠠᠮᠢᠳᠤᠷᠠᠯ᠎ᠤᠨ ᠳᠤᠮᠳᠠ ᠨᠡᠪᠴᠢᠬᠦ ᠵᠢ ᠠᠬᠢᠭᠤᠯᠵᠤ᠂ ᠭᠡᠷ ᠪᠦᠯᠢ᠂ ᠨᠡᠢ᠌ᠭᠡᠮ ᠲᠣᠭᠣᠷᠢᠭ ᠵᠢᠴᠢ ᠨᠠᠩ ᠤᠯᠠᠨ ᠨᠡᠢ᠌ᠭᠡᠮ᠎ᠤᠨ ᠬᠠᠮᠲᠤᠯᠢᠭ᠎ᠢ ᠲᠡᠳᠡᠨ 《ᠬᠠᠶᠠᠭᠳᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠵᠤ᠂ ᠪᠥᠬᠥ ᠨᠡᠢ᠌ᠭᠡᠮ ᠵᠶ᠋ᠡᠷ ᠵᠶ᠋ᠡᠨ 《ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ》᠎ᠢ ᠬᠠᠮᠲᠤᠪᠠᠷ ᠦᠢ᠍ᠯᠡᠳᠦᠯᠭᠡᠵᠢᠭᠦᠯᠬᠦ ᠵᠢ ᠠᠬᠢᠭᠤᠯᠪᠠ᠃
      ᠲᠠᠷᠠᠭ᠋ᠠᠴᠢ ᠵᠢᠨ ᠠᠯᠬᠤᠮ᠎ᠳᠤ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠠᠷᠢᠭᠤᠴᠠᠯᠭ᠎ᠠ᠎ᠪᠠᠨ ᠦᠷᠭᠦᠯᠵᠢᠯᠡᠨ ᠪᠠᠲᠤᠳᠬᠠᠵᠤ᠂ 《ᠬᠠᠶᠠᠭᠳᠠᠮᠠᠯ ᠦᠭᠡᠢ》 ᠪᠠᠢ᠌ᠩᠭᠤ ᠵᠢᠨ ᠠᠵᠢᠯᠯᠠᠭ᠋ᠠᠨ᠎ᠢ ᠰᠠᠶ᠋ᠢᠲᠤᠷ ᠠᠳᠬᠤᠵᠤ᠂ 《ᠬᠠᠶᠠᠭᠳᠠᠮᠠᠯ ᠦᠭᠡᠢ》 ᠣᠢ᠌ᠯᠠᠭ᠋ᠠᠭᠳᠠᠬᠤᠨ᠎ᠢ ᠳᠡᠯᠭᠡᠷᠡᠭᠦᠯᠦᠨ᠂ 《ᠬᠠᠶᠠᠭᠳᠠᠮᠠᠯ ᠦᠭᠡᠢ》 ᠡᠭᠦᠳᠦᠨ ᠪᠠᠢ᠌ᠭᠤᠯᠬᠤ ᠠᠵᠢᠯᠯᠠᠭ᠎ᠠ ᠵᠢ ᠰᠢᠯᠭ᠋ᠠᠨ ᠠᠪᠤᠭᠰᠠᠨ ᠲᠤᠷᠰᠢᠯᠭ᠎ᠠ ᠪᠠ ᠦᠨᠡᠯᠡᠯᠲᠡ ᠵᠢᠨ ᠬᠢᠯᠠᠰ ᠴᠡᠭ᠎ᠢ ᠬᠢᠨᠠᠮᠠᠭ᠋ᠠᠢ ᠳ᠋ᠦᠩᠨᠡᠵᠦ᠂ ᠮᠠᠨ᠎ᠤ ᠬᠣᠲᠠ ᠵᠢᠨ 《ᠬᠠᠶᠠᠭᠳᠠᠮᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ᠎ᠳᠤ ᠬᠦᠴᠦ ᠨᠡᠮᠡᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠳᠥᠷᠪᠡᠨ ᠵᠦᠢ᠍ᠯ᠎ᠤᠨ ᠠᠷᠭ᠎ᠠ ᠬᠡᠮᠵᠢᠶ᠎ᠡ》 ᠠᠪᠴᠤ 《ᠤᠮᠠᠷᠠᠲᠤ ᠬᠢᠯᠢ ᠵᠢᠨ ᠪᠤᠭᠤᠷᠤᠯᠴᠠᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠠᠮᠢᠶᠠᠷᠤᠯᠲᠠ ᠵᠢᠨ ᠴᠢᠳᠠᠪᠤᠷᠢ ᠵᠢᠨ ᠪᠣᠯᠪᠠᠰᠤᠷᠠᠯ᠎ᠤᠨ ᠠᠩᠭᠢ (ᠲᠠᠪᠤᠳᠤᠭ᠋ᠠᠷ ᠬᠤᠭᠤᠴᠠᠭ᠎ᠠ) ᠨᠠᠨᠵᠢᠩ᠎ᠳᠤ ᠤᠷᠤᠭᠰᠢᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠠᠯᠠᠱ᠌ᠠ ᠠᠶ᠋ᠢᠮᠠᠭ᠎ᠤᠨ ᠰᠤᠪᠠᠨᠠᠭᠤᠷ᠎ᠤᠨ ᠤᠰᠤᠨ ᠥᠷᠲᠡᠭᠡ ᠵᠢᠴᠢ ᠡᠵᠡᠨ᠎ᠡ ᠬᠥᠭᠥᠷᠭᠡ ᠵᠢᠨ ᠣᠭᠲᠣᠯᠣᠭ᠋ᠠᠰᠤ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠪᠡ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ ᠳᠦᠷᠦᠯ ᠵᠦᠢ᠍ᠯ᠎ᠤᠨ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ
 
             蒙ICP备05000248号