ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠴᠡᠭᠡ ᠪᠣᠭᠣᠮᠲᠠ ᠵᠢᠨ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠥᠷᠲᠡᠭᠡ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠤᠬᠠᠭᠤᠯᠭ᠎ᠠ ᠬᠢᠪᠡ
ᠨᠡᠶ᠋ᠢᠲᠡᠯᠡᠭᠰᠡᠨ ᠴᠠᠭ᠄ 2024-05-11

      4 ᠰᠠᠷ᠎ᠠ ᠵᠢᠨ 15᠎ᠤ ᠡᠳᠦᠷ᠂ ᠴᠡᠭᠡ ᠪᠣᠭᠣᠮᠲᠠ ᠵᠢᠨ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠥᠷᠲᠡᠭᠡ ᠵᠢᠨ ᠬᠠᠮᠲᠤᠷᠠᠭᠰᠠᠨ ᠨᠡᠭᠡᠭᠡᠨ ᠬᠥᠭᠵᠢᠭᠦᠯᠬᠦ ᠣᠷᠣᠨ᠎ᠤ ᠨᠡᠢ᠌ᠭᠡᠮ᠎ᠤᠨ ᠬᠡᠷᠡᠭ ᠶᠠᠪᠤᠳᠠᠯ᠎ᠤᠨ ᠲᠣᠪᠴᠢᠶ᠎ᠠ ᠵᠡᠷᠭᠡ ᠨᠢᠭᠡᠴᠢ ᠬᠤᠳᠠᠯᠳᠤᠭ᠋ᠠᠨ᠎ᠤ ᠳᠡᠯᠭᠡᠭᠦᠷ᠂ ᠠᠵᠤ ᠠᠬᠤᠢ᠌ᠯᠠᠯ᠎ᠳᠤ ᠬᠦᠷᠴᠦ ᠤᠬᠠᠭᠤᠯᠭ᠎ᠠ ᠵᠢᠨ ᠠᠵᠢᠯ ᠥᠷᠨᠢᠭᠦᠯᠵᠦ᠂ ᠤᠯᠤᠰ᠎ᠤᠨ ᠠᠮᠤᠷ ᠲᠦᠪᠰᠢᠨ᠎ᠤ ᠬᠠᠤᠯᠢ ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠵᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷ᠎ᠤᠨ ᠤᠯᠤᠰ᠎ᠤᠨ ᠠᠮᠤᠷ ᠲᠦᠪᠰᠢᠨ᠎ᠤ ᠤᠬᠠᠮᠰᠠᠷ ᠪᠣᠯᠣᠨ ᠬᠡᠪ ᠪᠣᠯᠪᠠᠰᠤᠷᠠᠯ᠎ᠢ ᠴᠢᠨᠠᠭᠰᠢᠳᠠ ᠴᠢᠩᠭ᠋ᠠᠳᠬᠠᠵᠤ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠢ᠌ᠯᠡᠬᠦ ᠪᠠ ᠡᠰᠡᠷᠭᠦᠴᠡᠬᠦ ᠴᠢᠳᠠᠪᠤᠷᠢ ᠵᠢ ᠳᠡᠭᠡᠭᠰᠢᠯᠡᠭᠦᠯᠵᠡᠢ᠃
      ᠲᠣᠰ ᠤᠳᠠᠭ᠋ᠠᠨ᠎ᠤ ᠤᠬᠠᠭᠤᠯᠭ᠎ᠠ᠎ᠳᠤ ᠭᠣᠣᠯᠳᠠᠭᠤ ᠤᠬᠠᠭᠤᠯᠭ᠎ᠠ ᠵᠢᠨ ᠵᠠᠷᠯᠠᠯ ᠨᠠᠭ᠋ᠠᠬᠤ ᠪᠠ ᠤᠬᠠᠭᠤᠯᠭ᠎ᠠ ᠵᠢᠨ ᠮᠠᠲ᠋ᠧᠷᠢᠶᠠᠯ ᠳᠠᠷᠤᠮᠠᠯᠯᠠᠨ ᠲᠠᠷᠬᠠᠭ᠋ᠠᠬᠤ ᠠᠷᠭ᠎ᠠ ᠮᠠᠶᠢᠭ ᠵᠶ᠋ᠠᠷ᠂ ᠠᠮᠢ ᠠᠬᠤᠢ ᠵᠢᠨ ᠠᠮᠤᠷ ᠲᠦᠪᠰᠢᠨ ᠵᠶ᠋ᠠᠷ ᠭᠣᠣᠯᠳᠠᠯᠭ᠎ᠠ ᠪᠣᠯᠭ᠋ᠠᠨ᠂ ᠠᠵᠤ ᠠᠬᠤᠢ᠌ᠯᠠᠯ᠎ᠳᠤ ᠠᠭ᠋ᠠᠷ ᠮᠠᠨᠳᠠᠯ᠎ᠤᠨ ᠳᠡᠭᠳᠡᠮᠡᠯ ᠲᠣᠭᠣᠰᠣ ᠵᠢ ᠵᠠᠰᠠᠬᠤ᠂ ᠪᠣᠬᠢᠷ ᠤᠰᠤ ᠵᠢ ᠬᠣᠷᠢᠶᠠᠨ ᠴᠤᠭᠯᠠᠭᠤᠯᠵᠤ ᠬᠠᠮᠢᠶᠠᠷᠬᠤ᠂ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠬᠠᠮᠢᠶᠠᠷᠬᠤ ᠬᠠᠮᠢᠶ᠎ᠠ ᠪᠦᠬᠦᠢ ᠮᠡᠳᠡᠯᠭᠡ ᠵᠢ ᠲᠠᠢ᠌ᠯᠪᠤᠷᠢᠯᠠᠪᠠ᠃ ᠡᠨᠡ᠎ᠨᠢ ᠠᠷᠠᠳ ᠤᠯᠠᠨ᠎ᠤ ᠠᠮᠢ ᠠᠬᠤᠢ ᠵᠢᠨ ᠠᠮᠤᠷ ᠲᠦᠪᠰᠢᠨ᠎ᠢ ᠴᠢᠬᠤᠯᠠᠴᠢᠯᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠡᠳᠦᠷ ᠲᠤᠲᠤᠮ᠎ᠤᠨ ᠠᠮᠢᠳᠤᠷᠠᠯ ᠳᠤᠮᠳᠠ ᠬᠥᠮᠥᠨ ᠪᠦᠬᠦᠨ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠰᠠᠢ᠍ᠢ᠍ᠨ ᠰᠠᠢ᠌ᠬᠠᠨ ᠳᠠᠳᠬᠠᠯ᠎ᠢ ᠪᠤᠢ ᠪᠣᠯᠭ᠋ᠠᠬᠤ ᠵᠢᠨ ᠲᠥᠯᠥᠭᠡ ᠶᠤᠮ᠃ ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠳᠤ ᠤᠯᠤᠰ᠎ᠤᠨ ᠠᠮᠤᠷ ᠲᠦᠪᠰᠢᠨ᠎ᠤ ᠡᠳᠦᠷ᠎ᠤᠨ ᠤᠬᠠᠭᠤᠯᠭ᠎ᠠ ᠵᠢᠨ ᠵᠠᠷ᠎ᠢ 2 ᠬᠤᠪᠢ ᠲᠠᠷᠬᠠᠭ᠋ᠠᠵᠤ᠂ ᠤᠬᠠᠭᠤᠯᠭ᠎ᠠ ᠵᠢᠨ ᠳᠡᠪᠲᠡᠷ 20 ᠬᠤᠪᠢ ᠲᠠᠷᠬᠠᠭ᠋ᠠᠵᠤ᠂ ᠴᠡᠭᠡ ᠪᠣᠭᠣᠮᠲᠠ ᠵᠢᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠬᠡᠪᠴᠢᠶᠡᠨ᠎ᠳᠤ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠪᠠ᠃
      ᠳᠠᠷᠠᠭ᠋ᠠᠴᠢ ᠵᠢᠨ ᠠᠯᠬᠤᠮ᠎ᠳᠤ᠂ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠥᠷᠲᠡᠭᠡ ᠲᠤᠬᠠᠢ᠌ᠯᠠᠭᠰᠠᠨ ᠠᠵᠢᠯ᠎ᠲᠠᠢ᠎ᠪᠠᠨ ᠭᠦᠢ᠍ᠴᠡᠳ ᠤᠶᠠᠯᠳᠤᠭᠤᠯᠵᠤ᠂ ᠠᠮᠢ ᠠᠬᠤᠢ ᠵᠢᠨ ᠠᠮᠤᠷ ᠲᠦᠪᠰᠢᠨ᠎ᠤ ᠬᠦᠷᠢᠶᠡᠨ᠎ᠳᠤ ᠬᠦᠴᠦ ᠲᠠᠯᠪᠢᠵᠤ᠂ ᠡᠳᠦᠷ ᠲᠤᠲᠤᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠯᠲᠠ ᠪᠠᠢ᠌ᠴᠠᠭ᠋ᠠᠯᠲᠠ᠎ᠪᠠᠷ ᠭᠠᠷᠳᠠᠴᠠ ᠪᠣᠯᠭ᠋ᠠᠵᠤ᠂ ᠠᠵᠤ ᠠᠬᠤᠢ᠌ᠯᠠᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ᠂ ᠺᠠᠳ᠋ᠷ ᠤᠯᠠᠨ ᠲᠦᠮᠡᠨ᠎ᠤ ᠤᠯᠤᠰ᠎ᠤᠨ ᠠᠮᠤᠷ ᠲᠦᠪᠰᠢᠨ᠎ᠤ ᠪᠠᠢ᠌ᠭᠤᠯᠤᠯᠲᠠ᠎ᠳᠤ ᠣᠷᠣᠯᠴᠠᠬᠤ ᠬᠠᠷᠢᠭᠤᠴᠠᠯᠭ᠋ᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠵᠢ ᠳᠠᠰᠤᠷᠠᠯᠳᠠ ᠦᠭᠡᠢ ᠳᠡᠬᠡᠭᠰᠢᠯᠡᠬᠦᠯᠬᠦ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠬᠠᠮᠲᠤᠷᠠᠭᠰᠠᠨ ᠳᠤᠭᠤᠢ᠌ᠯᠠᠩ ᠬᠥᠬᠡᠬᠣᠲᠠ ᠵᠢᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠲᠢᠩᠬᠢᠮ ᠬᠤᠳᠠ ᠬᠠᠮᠲᠤᠪᠠᠷ ᠪᠠᠢ᠌ᠭᠤᠯᠬᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ·ᠪᠢ ᠪᠣᠯ ᠠᠵᠢᠯᠯᠠᠭᠴᠢ》 《ᠬᠠᠮᠤᠭ ᠠᠮᠢᠲᠠᠨ᠎ᠤ ᠳᠡᠯᠡᠬᠡᠢ ᠵᠢᠨ ᠪᠥᠮᠪᠥᠷᠴᠡᠭ》᠎ᠢ ᠬᠠᠯᠠᠮᠵᠢᠯᠠᠨ ᠬᠠᠢ᠌ᠷᠠᠯᠠᠬᠤ ᠳᠡᠯᠡᠬᠡᠢ ᠵᠢᠨ ᠪᠥᠮᠪᠥᠷᠴᠡᠭ᠎ᠤᠨ ᠡᠳᠦᠷ᠎ᠤᠨ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠡᠢ
《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠵᠤ ᠬᠥᠬᠡᠬᠣᠲᠠ ᠵᠢᠨ᠎ᠬᠢᠨ ᠪᠦᠬᠦ ᠣᠷᠣᠨ᠎ᠤ ᠠᠩᠬᠠᠳᠠᠭᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠬᠣᠯᠪᠤᠭ᠋ᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠨᠠᠷᠢᠨ ᠳᠦᠷᠢᠮ᠎ᠢ ᠨᠡᠢ᠌ᠲᠡᠯᠡᠪᠡ
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨᠡᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠠᠶᠠᠨᠨᠠᠭᠤᠷ᠎ᠤᠨ ᠬᠤᠪᠢᠶᠠᠷᠢ ᠥᠷᠲᠡᠭᠡ ᠲᠥᠪ ᠲᠧᠯᠸᠢᠰ᠎ᠤᠨ ᠲᠣᠮᠣ ᠬᠡᠯᠪᠡᠷᠢ ᠵᠢᠨ ᠪᠠᠷᠢᠮᠲᠠᠲᠤ ᠹᠢᠯᠢᠮ 《ᠤᠷᠤᠭᠰᠢᠯᠠᠵᠤ ᠪᠠᠢ᠌ᠭ᠎ᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》᠎ᠢ ᠵᠣᠬᠢᠶᠠᠨ ᠪᠠᠢ᠌ᠭᠤᠯᠵᠤ ᠰᠣᠨᠢᠷᠬᠠᠪᠠ
ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
             蒙ICP备05000248号