ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠵᠤ ᠬᠥᠬᠡᠬᠣᠲᠠ ᠵᠢᠨ᠎ᠬᠢᠨ ᠪᠦᠬᠦ ᠣᠷᠣᠨ᠎ᠤ ᠠᠩᠬᠠᠳᠠᠭᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠬᠣᠯᠪᠤᠭ᠋ᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠨᠠᠷᠢᠨ ᠳᠦᠷᠢᠮ᠎ᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2024-05-15

      4 ᠰᠠᠷ᠎ᠠ ᠵᠢᠨ 7᠎ᠤ ᠡᠳᠦᠷ᠂ 《ᠬᠥᠬᠡᠬᠣᠲᠠ ᠵᠢᠨ᠎ᠬᠢᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠲᠤᠰᠬᠠᠢ ᠠᠯᠪᠠᠨ ᠭᠡᠷ》᠎ᠠᠴᠠ 《ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠬᠣᠯᠪᠤᠭ᠋ᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠨᠠᠷᠢᠨ ᠳᠦᠷᠢᠮ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠪᠠ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠪᠠᠢ᠌ᠷᠢᠯᠠᠭᠤᠯᠤᠯᠲᠠ ᠬᠢᠭᠰᠡᠨ᠎ᠠᠴᠠ ᠨᠠᠭ᠋ᠠᠰᠢ᠂ ᠬᠥᠬᠡᠬᠣᠲᠠ ᠵᠢᠨ᠎ᠬᠢᠨ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ 《ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠪᠦᠬᠦᠨ᠎ᠢ ᠠᠭᠤᠰᠤᠯᠴᠠᠭᠤᠯᠬᠤ》 ᠵᠢ ᠠᠬᠢᠭᠤᠯᠬᠤ ᠲᠠᠯ᠎ᠠ᠎ᠪᠠᠷ ᠢᠳᠡᠪᠬᠢᠲᠡᠢ ᠰᠦᠪᠡᠭᠴᠢᠯᠡᠵᠦ᠂ ᠤᠨᠢᠨ ᠳᠡᠭᠡᠷ᠎ᠡ᠎ᠨᠢ ᠬᠦᠴᠦᠯᠡᠭᠰᠡᠨ ᠴᠢᠬᠤᠯᠠ ᠦᠷ᠎ᠡ ᠪᠦᠲᠦᠭᠡᠯ ᠪᠣᠯᠣᠨ᠎ᠠ᠃
      《ᠨᠠᠷᠢᠨ ᠳᠦᠷᠢᠮ》᠎ᠨᠢ 《ᠪᠦᠬᠦᠨ᠎ᠢ ᠣᠷᠣᠯᠴᠠᠭᠤᠯᠬᠤ᠂ ᠪᠦᠬᠦ ᠬᠡᠯᠬᠢᠶ᠎ᠡ᠂ ᠪᠦᠬᠦ ᠡᠯᠧᠮᠧᠨ᠋ᠲ᠂ ᠪᠦᠬᠦᠨ᠎ᠢ ᠪᠦᠷᠬᠦᠭᠦᠯᠬᠦ᠂ ᠪᠦᠬᠦᠨ᠎ᠢ ᠠᠭᠤᠰᠤᠯᠴᠠᠭᠤᠯᠬᠤ》 ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠰᠢᠨ᠎ᠡ ᠲᠣᠭᠲᠠᠴᠠ ᠵᠢ ᠪᠠᠢ᠌ᠭᠤᠯᠬᠤ ᠵᠢᠨ ᠲᠥᠯᠥᠭᠡ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠠᠶ᠋ᠢᠮᠠᠭ ᠬᠤᠳᠠ ᠵᠢᠨ ᠨᠡᠢ᠌ᠲᠡᠯᠡᠭᠰᠡᠨ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠬᠣᠯᠪᠤᠭ᠋ᠠᠯᠠᠨ ᠬᠥᠳᠡᠯᠦᠯᠴᠡᠬᠦ ᠬᠢᠨᠠᠯᠲᠠ ᠵᠢᠨ ᠳᠦᠷᠢᠮ ᠪᠣᠯᠣᠨ᠎ᠠ᠃
      《ᠨᠠᠷᠢᠨ ᠳᠦᠷᠢᠮ》᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠬᠣᠲᠠ ᠵᠢᠨ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ᠂ ᠠᠮᠢ ᠠᠬᠤᠢ ᠣᠷᠴᠢᠨ ᠲᠣᠭᠣᠷᠢᠨ᠂ ᠬᠢᠨᠠᠨ ᠪᠤᠳᠤᠬᠤ᠂ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠬᠦᠴᠦᠨ᠎ᠢ ᠠᠭᠤᠰᠬᠠᠨ ᠨᠡᠢ᠌ᠯᠡᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ  ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠠᠬᠢᠭᠤᠯᠬᠤ ᠡᠭᠦᠳᠡᠨ᠎ᠠᠴᠠ ᠲᠠᠪᠤᠨ ᠪᠦᠯᠦᠭ ᠬᠣᠷᠢᠨ ᠬᠣᠶᠠᠷ ᠵᠦᠢ᠍ᠯ᠎ᠢ ᠲᠣᠭᠲᠠᠭ᠋ᠠᠵᠤ᠂ ᠬᠠᠤᠯᠢ ᠴᠠᠭ᠋ᠠᠵᠠ ᠵᠢᠨ ᠦᠨᠳᠦᠰᠦᠯᠡᠯ᠂ ᠬᠡᠷᠡᠭᠯᠡᠬᠦ ᠬᠡᠪᠴᠢᠶ᠎ᠡ ᠪᠠ ᠬᠠᠷᠢᠯᠴᠠᠵᠤ ᠵᠣᠬᠢᠴᠠᠭᠤᠯᠬᠤ᠂ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ᠂ ᠦᠷ᠎ᠡ ᠪᠦᠲᠦᠭᠡᠯ᠎ᠤᠨ ᠬᠡᠷᠡᠭᠯᠡᠯᠲᠡ ᠵᠡᠷᠭᠡ ᠤᠯᠠᠨ ᠲᠠᠯ᠎ᠠ ᠵᠢᠨ ᠠᠭᠤᠯᠭ᠎ᠠ ᠵᠢ ᠨᠠᠷᠢᠨ ᠲᠣᠳᠣᠷᠬᠠᠢ ᠲᠣᠭᠲᠠᠭ᠋ᠠᠵᠠᠢ᠃ 《ᠨᠠᠷᠢᠨ ᠳᠦᠷᠢᠮ》᠎ᠳᠤ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ᠎ᠤᠨ ᠠᠯᠪᠠᠨ ᠭᠡᠷ (ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠪᠠᠢ᠌ᠷᠢᠯᠠᠭᠤᠯᠤᠨ᠎ᠠ)᠎ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠵᠤ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠬᠣᠲᠠ ᠵᠢᠨ ᠨᠠᠮ᠎ᠤᠨ ᠬᠣᠷᠢᠶ᠎ᠠ ᠵᠢᠨ ᠲᠣᠭᠣᠷᠢᠨ ᠪᠠᠢ᠌ᠴᠠᠭ᠋ᠠᠬᠤ᠂ ᠬᠢᠨᠠᠨ ᠪᠤᠳᠤᠬᠤ᠂ ᠪᠠᠢ᠌ᠴᠠᠭ᠋ᠠᠬᠤ ᠬᠣᠷᠢᠶ᠎ᠠ ᠵᠢᠨ ᠰᠠᠯᠠᠭ᠎ᠠ ᠮᠥᠴᠢᠷ᠎ᠯᠦᠭᠡ ᠬᠠᠮᠲᠤᠷᠠᠭᠰᠠᠨ ᠬᠤᠷᠠᠯ᠎ᠤᠨ ᠳᠦᠷᠢᠮ ᠪᠠᠢ᠌ᠭᠤᠯᠵᠤ᠂ ᠬᠠᠷᠢᠯᠴᠠᠨ ᠰᠣᠯᠢᠯᠴᠠᠵᠤ᠂ ᠠᠵᠢᠯ᠎ᠤᠨ ᠪᠠᠶ᠋ᠢᠳᠠᠯ ᠵᠶ᠋ᠠᠨ ᠮᠡᠳᠡᠭᠳᠡᠵᠦ᠂ ᠴᠢᠬᠤᠯᠠ ᠬᠡᠷᠡᠭ ᠶᠠᠪᠤᠳᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ᠂  ᠬᠠᠮᠵᠢᠯᠴᠠᠬᠤ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠨ᠎ᠡ ᠭᠡᠵᠦ ᠲᠣᠳᠣᠷᠬᠠᠢ ᠲᠣᠭᠲᠠᠭ᠋ᠠᠵᠠᠢ᠃ ᠵᠠᠷᠴᠢᠮ ᠳᠡᠭᠡᠷ᠎ᠡ᠎ᠪᠠᠨ ᠬᠠᠭ᠋ᠠᠰ ᠵᠢᠯ᠎ᠳᠤ ᠨᠢᠭᠡ ᠤᠳᠠᠭ᠎ᠠ ᠬᠠᠮᠲᠤᠷᠠᠭᠰᠠᠨ ᠬᠤᠷᠠᠯ᠎ᠢ ᠬᠤᠷᠠᠯᠳᠤᠭᠤᠯᠤᠨ᠎ᠠ; ᠠᠵᠢᠯ᠎ᠤᠨ ᠬᠡᠷᠡᠭᠴᠡᠭᠡ᠎ᠠᠴᠠ ᠪᠣᠯᠵᠤ᠂ ᠡᠯ᠎ᠡ ᠲᠠᠯ᠎ᠠ ᠵᠢᠨ᠎ᠬᠢᠨ ᠵᠥᠪᠳᠡᠯᠴᠡᠭᠡᠳ ᠲᠦᠷ ᠴᠠᠭ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠣᠯᠪᠣᠭᠳᠠᠯ ᠪᠦᠬᠦᠢ ᠴᠢᠬᠤᠯᠠ ᠵᠦᠢ᠍ᠯᠡᠰ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠨ᠎ᠡ᠃ ᠡᠯ᠎ᠡ ᠲᠠᠯ᠎ᠠ ᠵᠢᠨ᠎ᠬᠢᠨ ᠨᠢᠭᠡ ᠬᠣᠯᠪᠣᠭ᠋ᠠᠴᠢᠨ ᠵᠢᠭ᠋ᠠᠨ ᠲᠣᠭᠲᠠᠭ᠋ᠠᠵᠤ᠂ ᠡᠯ᠎ᠡ ᠰᠠᠯᠠᠭ᠎ᠠ ᠮᠥᠴᠢᠷ᠎ᠤᠨ ᠬᠣᠭᠤᠷᠤᠨᠳᠤᠬᠢ ᠡᠳᠦᠷ ᠲᠤᠲᠤᠮ᠎ᠤᠨ ᠬᠠᠷᠢᠯᠴᠠᠭ᠎ᠠ ᠨᠡᠪᠲᠡᠷᠡᠯᠴᠡᠭᠡ ᠵᠢ ᠬᠠᠷᠢᠭᠤᠴᠠᠭᠤᠯᠤᠨ᠎ᠠ᠃ 《ᠨᠠᠷᠢᠨ ᠳᠦᠷᠢᠮ》᠎ᠳᠤ ᠲᠣᠳᠣᠷᠬᠠᠢ ᠲᠣᠭᠲᠠᠭ᠋ᠠᠭᠰᠠᠨ᠎ᠨᠢ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠡᠩ᠎ᠤᠨ ᠴᠢᠨᠠᠷᠲᠠᠢ ᠠᠰᠠᠭᠤᠳᠠᠯ᠎ᠳᠤ᠂ ᠬᠣᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠪᠣᠯᠣᠨ ᠬᠢᠨᠠᠨ ᠪᠠᠢ᠌ᠴᠠᠭ᠋ᠠᠬᠤ ᠵᠥᠪᠯᠡᠯ 《ᠨᠢᠭᠡᠳᠦᠭᠡᠷ᠂ ᠬᠣᠶᠠᠳᠤᠭ᠋ᠠᠷ ᠵᠦᠢ᠍ᠯ᠎ᠤᠨ ᠬᠡᠯᠪᠡᠷᠢ》 ᠵᠢ ᠠᠮᠢᠳᠤᠯᠢᠭ ᠵᠶ᠋ᠠᠷ ᠬᠡᠷᠡᠭᠯᠡᠨ ᠬᠠᠷᠢᠭᠤᠴᠠᠯᠭ᠋ᠠᠲᠤ ᠨᠢᠭᠡᠴᠢ ᠵᠢᠴᠢ ᠲᠡᠭᠦᠨ᠎ᠤ ᠬᠠᠷᠢᠭᠤᠴᠠᠯᠭ᠋ᠠᠲᠠᠨ᠎ᠢ ᠰᠡᠷᠡᠮᠵᠢᠯᠡᠭᠦᠯᠵᠦ᠂ ᠬᠣᠲᠠ ᠵᠢᠨ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠬᠤ ᠠᠯᠪᠠᠨ ᠭᠡᠷ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢᠨ 《ᠰᠡᠭᠦᠯᠴᠢ ᠵᠢᠨ ᠠᠵᠢᠯ》᠎ᠳᠤ ᠣᠷᠣᠭᠤᠯᠵᠤ᠂ ᠱᠠᠯᠠᠪᠳᠠᠭᠤᠯᠤᠨ ᠪᠠᠢ᠌ᠴᠠᠭ᠋ᠠᠬᠤ ᠵᠢᠨ ᠳᠠᠭ᠋ᠠᠤ ᠥᠭᠡᠷᠡᠴᠢᠯᠡᠨ ᠰᠠᠢ᠌ᠵᠢᠷᠠᠭᠤᠯᠵᠤ᠂ ᠬᠣᠲᠠ ᠵᠢᠨ ᠬᠢᠨᠠᠨ ᠪᠤᠳᠤᠬᠤ ᠲᠣᠪᠴᠢᠶ᠎ᠠ ᠪᠣᠯᠵᠣᠨ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠦᠷᠭᠦᠯᠵᠢᠯᠡᠨ ᠮᠥᠷᠳᠡᠨ ᠦᠷ᠎ᠡ ᠪᠦᠲᠦᠮᠵᠢ ᠵᠢ᠎ᠨᠢ ᠠᠰᠠᠭᠤᠵᠤ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠠ ᠤᠯᠤᠰ ᠲᠥᠷᠥ ᠵᠢᠨ ᠵᠥᠪᠯᠡᠯᠭᠡᠨ᠎ᠤ ᠪᠠᠢ᠌ᠭᠤᠯᠤᠯᠭ᠎ᠠ ᠬᠠᠷᠢᠭᠤᠴᠠᠯᠭ᠋ᠠᠲᠤ ᠨᠢᠭᠡᠴᠢ ᠵᠢᠨ ᠬᠠᠷᠢᠭᠤ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠣᠨᠣᠰᠴᠤ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠨ ᠰᠤᠳᠤᠯᠤᠯᠲᠠ ᠵᠢ ᠬᠠᠨᠳᠤᠯᠭ᠎ᠠ᠎ᠲᠠᠢ᠎ᠪᠠᠷ ᠲᠣᠬᠢᠷᠠᠭᠤᠯᠤᠨ᠂ ᠬᠠᠷᠢᠭᠤᠴᠠᠯᠭ᠋ᠠᠲᠤ ᠨᠢᠭᠡᠴᠢ ᠵᠢᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨᠡᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠠᠶᠠᠨᠨᠠᠭᠤᠷ᠎ᠤᠨ ᠬᠤᠪᠢᠶᠠᠷᠢ ᠥᠷᠲᠡᠭᠡ ᠲᠥᠪ ᠲᠧᠯᠸᠢᠰ᠎ᠤᠨ ᠲᠣᠮᠣ ᠬᠡᠯᠪᠡᠷᠢ ᠵᠢᠨ ᠪᠠᠷᠢᠮᠲᠠᠲᠤ ᠹᠢᠯᠢᠮ 《ᠤᠷᠤᠭᠰᠢᠯᠠᠵᠤ ᠪᠠᠢ᠌ᠭ᠎ᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》᠎ᠢ ᠵᠣᠬᠢᠶᠠᠨ ᠪᠠᠢ᠌ᠭᠤᠯᠵᠤ ᠰᠣᠨᠢᠷᠬᠠᠪᠠ
ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠨᠠᠢ᠌ᠳᠠᠪᠤᠷᠢᠵᠢᠭᠤᠯᠬᠤ ᠲᠤᠬᠠᠢ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠯᠲᠠ ᠵᠢᠨ ᠬᠠᠮᠲᠤᠷᠠᠭᠰᠠᠨ ᠳᠤᠭᠤᠢ᠌ᠯᠠᠩ ᠬᠡᠰᠢᠭᠲᠡᠨ ᠬᠣᠰᠢᠭᠤᠨ᠎ᠳᠤ ᠬᠦᠷᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠬᠢᠪᠡ
ᠪᠤᠭᠤᠲᠤ ᠬᠣᠲᠠ ᠵᠢᠨ 《ᠵᠢᠷᠭᠤᠭ᠋ᠠᠨ ᠵᠦᠢ᠍ᠯ᠎ᠤᠨ ᠨᠠᠷᠢᠯᠢᠭ ᠳᠠᠪᠰᠢᠯᠲᠠ》 ᠵᠢᠨ ᠠᠵᠢᠯ᠎ᠤᠨ ᠠᠷᠭ᠎ᠠ ᠬᠡᠮᠵᠢᠶ᠎ᠡ᠎ᠨᠢ 《ᠳᠡᠯᠡᠬᠡᠢ ᠵᠢᠨ ᠪᠣᠬᠢᠷᠲᠤᠯ ᠦᠭᠡᠢ ᠴᠠᠬᠢᠭᠤᠷ᠎ᠤᠨ ᠬᠣᠲᠠ》 ᠵᠢᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ  ᠠᠬᠢᠭᠤᠯᠪᠠ
 
             蒙ICP备05000248号