ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠬᠠᠮᠲᠤᠷᠠᠭᠰᠠᠨ ᠳᠤᠭᠤᠢ᠌ᠯᠠᠩ ᠬᠥᠬᠡᠬᠣᠲᠠ ᠵᠢᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-05-15

      2024 ᠣᠨ᠎ᠤ 4 ᠰᠠᠷ᠎ᠠ ᠵᠢᠨ 17᠎ᠤ ᠡᠳᠦᠷ᠎ᠠᠴᠠ 18᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠸᠧᠢ ᠾᠧ ᠵᠠᠩ ᠨᠠᠷ ᠤᠷᠢᠳ ᠬᠣᠵᠢᠳ ᠬᠥᠬᠡᠬᠣᠲᠠ ᠵᠢᠨ ᠰᠠᠢ᠌ᠬᠠᠨ ᠲᠣᠭᠣᠷᠢᠭ᠂ ᠬᠣᠲᠣᠩ ᠠᠷᠠᠳ᠎ᠤᠨ ᠲᠣᠭᠣᠷᠢᠭ᠂ ᠢᠤᠴᠢᠤᠸᠠᠨ ᠲᠣᠭᠣᠷᠢᠭ᠎ᠲᠤ ᠭᠦᠨᠵᠡᠭᠡᠢ᠌ᠷᠡᠵᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠪᠠᠢ᠌ᠴᠠᠭ᠋ᠠᠨ ᠰᠤᠳᠤᠯᠬᠤ ᠵᠢᠨ ᠬᠠᠮᠲᠤ ᠶᠠᠷᠢᠯᠴᠠᠬᠤ ᠬᠤᠷᠠᠯ ᠬᠢᠵᠦ ᠰᠠᠨᠠᠯ ᠵᠶ᠋ᠠᠨ ᠰᠣᠯᠢᠯᠴᠠᠪᠠ᠃ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ᠂ ᠭᠤᠷᠪᠠᠨ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ᠂ ᠲᠣᠭᠣᠷᠢᠭ᠎ᠤᠨ ᠳᠠᠷᠤᠭ᠎ᠠ᠂ ᠬᠤᠪᠢᠳᠠᠨ ᠬᠠᠮᠢᠶᠠᠷᠴᠤ ᠪᠠᠢ᠌ᠭ᠎ᠠ ᠲᠣᠭᠣᠷᠢᠭ᠎ᠤᠨ ᠳᠡᠳ᠋ ᠳᠠᠷᠤᠭ᠎ᠠ ᠵᠢᠴᠢ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠣᠷᠣᠨ ᠲᠣᠭ᠎ᠠ ᠵᠢᠨ ᠠᠯᠪᠠᠨ ᠭᠡᠷ᠂ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠵᠤ ᠶᠠᠷᠢᠯᠴᠠᠬᠤ ᠬᠤᠷᠠᠯ᠎ᠳᠤ ᠣᠷᠣᠯᠴᠠᠪᠠ᠃
      ᠬᠤᠷᠠᠯ ᠳᠡᠭᠡᠷ᠎ᠡ᠂ ᠲᠢᠩᠬᠢᠮ᠎ᠤᠨ ᠳᠡᠳ᠋ ᠳᠠᠷᠤᠭ᠎ᠠ ᠸᠧᠢ ᠾᠧ ᠵᠠᠩ ᠲᠣᠰ ᠤᠳᠠᠭ᠋ᠠᠨ᠎ᠤ ᠳᠠᠭ᠋ᠠᠭ᠋ᠠᠴᠢᠯᠠᠨ ᠬᠣᠯᠪᠣᠭ᠋ᠠᠯᠠᠬᠤ ᠬᠠᠮᠲᠤᠷᠠᠭᠰᠠᠨ ᠳᠤᠭᠤᠢ᠌ᠯᠠᠩ᠎ᠤᠨ ᠪᠠᠢ᠌ᠴᠠᠭ᠋ᠠᠨ ᠰᠤᠳᠤᠯᠤᠯᠲᠠ ᠵᠢᠨ ᠵᠣᠷᠢᠯᠭ᠎ᠠ ᠪᠠ ᠠᠴᠢ ᠬᠣᠯᠪᠣᠭᠳᠠᠯ᠎ᠢ ᠨᠠᠷᠢᠨ ᠲᠠᠨᠢᠯᠴᠠᠭᠤᠯᠵᠤ᠂ ᠲᠠᠷᠠᠭ᠋ᠠᠴᠢ ᠵᠢᠨ ᠱᠠᠲᠤᠨ᠎ᠳᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠬᠤ᠎ᠳᠤ ᠠᠩᠬᠠᠷᠬᠤ ᠴᠢᠬᠤᠯᠠᠲᠠᠢ ᠭᠣᠣᠯᠳᠠᠯᠭ᠎ᠠ᠎ᠲᠠᠢ ᠵᠦᠢ᠍ᠯᠡᠰ ᠪᠠ ᠠᠵᠢᠯ᠎ᠤᠨ ᠰᠡᠳᠬᠢᠴᠡ᠎ᠢ ᠭᠠᠷᠭ᠋ᠠᠵᠤ᠂ ᠵᠢᠯᠤᠭᠣᠳᠬᠤ ᠰᠠᠨᠠᠯ ᠪᠠ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠬᠠᠷᠢᠶ᠎ᠠ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠨᠠᠢ᠌ᠳᠠᠪᠤᠷᠢᠵᠢᠭᠤᠯᠵᠤ ᠪᠠᠢ᠌ᠭ᠎ᠠ ᠪᠠᠶ᠋ᠢᠳᠠᠯ᠂ ᠭᠣᠣᠯᠳᠠᠯᠭ᠎ᠠ᠎ᠲᠠᠢ ᠠᠵᠢᠯ᠎ᠢ ᠥᠷᠨᠢᠭᠦᠯᠵᠦ ᠪᠠᠢ᠌ᠭ᠎ᠠ ᠪᠠᠶ᠋ᠢᠳᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠬᠠᠪᠰᠤᠷᠤᠯᠭ᠎ᠠ᠎ᠪᠠᠷ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠴᠢᠬᠤᠯᠠᠲᠠᠢ ᠵᠡᠷᠭᠡ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ᠎ᠳᠤ ᠣᠷᠣᠯᠴᠠᠭᠰᠠᠨ ᠪᠤᠰᠤᠳ ᠬᠥᠮᠥᠰ ᠨᠥᠬᠥᠪᠦᠷᠢ ᠶᠠᠷᠢᠶ᠎ᠠ ᠲᠠᠯᠪᠢᠵᠤ᠂ ᠰᠠᠨᠠᠯ ᠰᠠᠨᠠᠭᠤᠯᠭ᠎ᠠ ᠳᠤᠷᠠᠳᠴᠤ᠂ ᠬᠣᠶᠠᠷ ᠲᠠᠯ᠎ᠠ᠎ᠪᠠᠷ ᠵᠶ᠋ᠠᠨ ᠦᠨᠡᠨᠴᠢ᠎ᠪᠠᠷ ᠰᠠᠨᠠᠯ ᠵᠶ᠋ᠠᠨ ᠰᠣᠯᠢᠯᠴᠠᠵᠤ ᠶᠠᠷᠢᠯᠴᠠᠪᠠ᠃
      ᠲᠢᠩᠬᠢᠮ᠎ᠤᠨ ᠳᠡᠳ᠋ ᠳᠠᠷᠤᠭ᠎ᠠ ᠸᠧᠢ ᠾᠧ ᠵᠠᠩ ᠬᠠᠷᠢᠭᠤ ᠮᠡᠳᠡᠭᠦᠯᠦᠯᠲᠡ ᠪᠠ ᠤᠯᠠᠨ᠎ᠤ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ᠂ ᠳᠥᠷᠪᠡᠨ ᠱᠠᠲᠤ ᠦᠶ᠎ᠡ᠎ᠪᠠᠷ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠭᠦᠨᠵᠡᠭᠡᠢ ᠬᠡᠷᠡᠭᠵᠢᠭᠦᠯᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠡᠪᠲᠡᠷᠡᠯᠴᠡᠨ ᠵᠣᠬᠢᠴᠠᠭᠤᠯᠬᠤ ᠪᠠ ᠬᠠᠮᠵᠢᠯᠴᠠᠬᠤ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠤᠰᠬᠠᠢ ᠳᠤᠭᠤᠢ᠌ᠯᠠᠩ᠎ᠤᠨ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢ ᠵᠣᠬᠢᠴᠠᠭᠤᠯᠤᠨ ᠠᠬᠢᠭᠤᠯᠵᠤ᠂ ᠳᠦᠷᠢᠮ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠦᠴᠦᠨ ᠵᠶ᠋ᠡᠨ ᠲᠥᠪᠯᠡᠷᠡᠭᠦᠯᠦᠨ ᠪᠡᠷᠬᠡ ᠵᠢ ᠰᠢᠪᠲᠤᠯᠤᠨ ᠳᠠᠪᠠᠵᠤ᠂ ᠰᠠᠶ᠋ᠢᠨ ᠲᠤᠷᠰᠢᠯᠭ᠎ᠠ ᠪᠠ ᠠᠷᠭ᠎ᠠ ᠬᠢᠳᠡᠯ᠎ᠢ ᠳ᠋ᠦᠩᠨᠡᠵᠦ᠂ ᠬᠢᠯᠠᠰ ᠴᠡᠭ᠎ᠢ ᠪᠤᠢ ᠪᠣᠯᠭ᠋ᠠᠨ ᠬᠡᠪ ᠳᠠᠭᠤᠷᠢᠶᠠᠯ ᠦᠵᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ ᠨᠠᠩ ᠶᠡᠬᠡ ᠦᠷ᠎ᠡ ᠪᠦᠲᠦᠮᠵᠢ ᠣᠯᠬᠤ ᠬᠡᠷᠡᠭᠲᠡᠶ ᠭᠡᠵᠦ ᠴᠢᠬᠤᠯᠠᠴᠢᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠲᠢᠩᠬᠢᠮ ᠬᠤᠳᠠ ᠬᠠᠮᠲᠤᠪᠠᠷ ᠪᠠᠢ᠌ᠭᠤᠯᠬᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ·ᠪᠢ ᠪᠣᠯ ᠠᠵᠢᠯᠯᠠᠭᠴᠢ》 《ᠬᠠᠮᠤᠭ ᠠᠮᠢᠲᠠᠨ᠎ᠤ ᠳᠡᠯᠡᠬᠡᠢ ᠵᠢᠨ ᠪᠥᠮᠪᠥᠷᠴᠡᠭ》᠎ᠢ ᠬᠠᠯᠠᠮᠵᠢᠯᠠᠨ ᠬᠠᠢ᠌ᠷᠠᠯᠠᠬᠤ ᠳᠡᠯᠡᠬᠡᠢ ᠵᠢᠨ ᠪᠥᠮᠪᠥᠷᠴᠡᠭ᠎ᠤᠨ ᠡᠳᠦᠷ᠎ᠤᠨ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠡᠢ
《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠵᠤ ᠬᠥᠬᠡᠬᠣᠲᠠ ᠵᠢᠨ᠎ᠬᠢᠨ ᠪᠦᠬᠦ ᠣᠷᠣᠨ᠎ᠤ ᠠᠩᠬᠠᠳᠠᠭᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠬᠣᠯᠪᠤᠭ᠋ᠠᠯᠠᠨ ᠬᠥᠳᠡᠯᠦᠯᠴᠡᠵᠦ ᠬᠢᠨᠠᠯᠲᠠ ᠲᠠᠯᠪᠢᠬᠤ ᠨᠠᠷᠢᠨ ᠳᠦᠷᠢᠮ᠎ᠢ ᠨᠡᠢ᠌ᠲᠡᠯᠡᠪᠡ
ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨᠡᠮ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠠᠶᠠᠨᠨᠠᠭᠤᠷ᠎ᠤᠨ ᠬᠤᠪᠢᠶᠠᠷᠢ ᠥᠷᠲᠡᠭᠡ ᠲᠥᠪ ᠲᠧᠯᠸᠢᠰ᠎ᠤᠨ ᠲᠣᠮᠣ ᠬᠡᠯᠪᠡᠷᠢ ᠵᠢᠨ ᠪᠠᠷᠢᠮᠲᠠᠲᠤ ᠹᠢᠯᠢᠮ 《ᠤᠷᠤᠭᠰᠢᠯᠠᠵᠤ ᠪᠠᠢ᠌ᠭ᠎ᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》᠎ᠢ ᠵᠣᠬᠢᠶᠠᠨ ᠪᠠᠢ᠌ᠭᠤᠯᠵᠤ ᠰᠣᠨᠢᠷᠬᠠᠪᠠ
ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠨᠠᠢ᠌ᠳᠠᠪᠤᠷᠢᠵᠢᠭᠤᠯᠬᠤ ᠲᠤᠬᠠᠢ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
 
             蒙ICP备05000248号