4 ᠰᠠᠷ᠎ᠠ ᠵᠢᠨ 16᠎ᠤ ᠣᠷᠣᠢ᠂ ᠲᠥᠪ ᠲᠧᠯᠸᠢᠰ᠎ᠤᠨ ᠲᠣᠮᠣ ᠬᠡᠯᠪᠡᠷᠢ ᠵᠢᠨ ᠠᠮᠢ ᠠᠬᠤᠢ ᠵᠢᠨ ᠪᠣᠯᠪᠠᠰᠤᠨ᠎ᠤ ᠪᠠᠷᠢᠮᠲᠠᠲᠤ ᠹᠢᠯᠢᠮ 《ᠤᠷᠤᠭᠰᠢᠯᠠᠵᠤ ᠪᠠᠢ᠌ᠭ᠎ᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ》 CCTV-1 ᠲᠥᠪ ᠲᠧᠯᠸᠢᠰ᠎ᠤᠨ ᠶᠡᠷᠦᠩᠬᠡᠢ᠌ᠯᠡᠭᠰᠡᠨ ᠰᠤᠪᠠᠭ᠎ᠲᠤ ᠬᠣᠶᠠᠳᠤᠭ᠋ᠠᠷ ᠪᠦᠯᠦᠭ 《ᠪᠣᠭᠣᠮᠲᠠ ᠰᠢᠪᠲᠤᠯᠬᠤ ᠳᠠᠢ᠌ᠯᠠᠯᠳᠤᠭ᠋ᠠᠨ》᠎ᠢ ᠨᠠᠪᠲᠠᠷᠡᠭᠦᠯᠵᠦ᠂ ᠪᠠᠶᠠᠨᠨᠠᠭᠤᠷ ᠬᠤᠳᠠ ᠵᠢᠨ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠮᠢ ᠠᠬᠤᠢ ᠵᠢᠨ ᠵᠠᠰᠠᠯᠲᠠ ᠵᠢᠨ ᠥᠯᠢᠭᠡᠷ᠎ᠢ ᠶᠠᠷᠢᠪᠠ᠃ ᠪᠠᠷᠢᠮᠲᠠᠲᠤ ᠹᠢᠯᠢᠮ᠎ᠢ ᠨᠡᠪᠲᠡᠷᠡᠭᠦᠯᠦᠭᠰᠡᠨ᠎ᠤ ᠳᠠᠷᠠᠭ᠎ᠠ᠂ ᠪᠠᠶᠠᠨᠨᠠᠭᠤᠷ ᠬᠣᠲᠠ ᠵᠢᠨ ᠺᠠᠳ᠋ᠷ ᠤᠯᠠᠨ ᠲᠦᠮᠡᠨ᠎ᠤ ᠳᠤᠮᠳᠠ ᠴᠢᠩᠭ᠎ᠠ ᠲᠤᠰᠬᠠᠯ ᠭᠠᠷᠪᠠ᠃ ᠤᠯᠠᠨ ᠵᠶ᠋ᠠᠷ ᠵᠶ᠋ᠠᠨ᠂ ᠲᠤᠰ ᠺᠢᠨᠣ᠋᠎ᠳᠤ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠲᠤ ᠡᠭᠦᠰᠦᠭᠰᠡᠨ ᠥᠯᠢᠭᠡᠷ᠎ᠢ ᠰᠣᠨᠣᠰᠪᠤᠷᠢᠲᠠᠢ ᠰᠠᠢ᠌ᠬᠠᠨ ᠶᠠᠷᠢᠵᠤ᠂ ᠦᠵᠡᠭᠴᠢᠳ᠎ᠢ ᠠᠯᠬᠤᠮ ᠠᠯᠬᠤᠮ ᠵᠶ᠋ᠠᠷ ᠬᠥᠲᠥᠯᠥᠨ ᠳᠠᠭ᠋ᠠᠭᠤᠯᠵᠤ ᠬᠥᠮᠥᠨ ᠪᠠᠶ᠋ᠢᠭ᠋ᠠᠯᠢ ᠬᠡᠷᠬᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠭᠦᠨᠵᠡᠭᠡᠢ ᠰᠡᠳᠬᠢᠭᠦᠯᠪᠡ ᠭᠡᠵᠦ ᠢᠯᠡᠳᠬᠡᠵᠡᠭᠡᠪᠡ᠃
ᠲᠤᠰ ᠪᠠᠷᠢᠮᠲᠠᠲᠤ ᠹᠢᠯᠢᠮ᠎ᠨᠢ ᠠᠮᠢᠳᠤᠯᠢᠭ ᠪᠣᠳᠠᠲᠠᠢ ᠳᠦᠷᠰᠦ ᠰᠢᠩᠭᠡᠭᠡᠯᠲᠡ᠂ ᠬᠥᠮᠥᠰ᠎ᠤᠨ ᠰᠡᠳᠬᠢᠯ᠎ᠢ ᠬᠥᠳᠡᠯᠭᠡᠮ᠎ᠡ ᠲᠣᠭ᠋ᠠᠴᠢᠯᠲᠠ᠂ ᠭᠣᠢ᠌ᠳᠠ ᠰᠠᠢ᠌ᠬᠠᠨ ᠨᠠᠷᠢᠨ ᠪᠣᠳᠠᠲᠠᠢ ᠬᠡᠷᠡᠭ᠎ᠤᠨ ᠵᠢᠱ᠌ᠢᠶ᠎ᠡ᠎ᠪᠠᠷ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠴᠢᠬᠤᠯᠠ ᠶᠡᠬᠡ ᠠᠮᠵᠢᠯᠲᠠ ᠵᠢ ᠲᠤᠰᠬᠠᠵᠤ᠂ ᠪᠠᠶᠠᠨᠨᠠᠭᠤᠷ ᠶᠡᠷᠦᠩᠬᠡᠢ ᠱᠦᠵᠢ ᠰᠢ ᠵᠢᠨ ᠫᠢᠩ᠎ᠤᠨ ᠤᠯᠠᠭ᠋ᠠᠨᠰᠤᠬᠠᠢ ᠵᠢ ᠰᠡᠳᠬᠢᠯ ᠲᠠᠯᠪᠢᠨ ᠵᠠᠰᠠᠵᠤ᠂ ᠰᠡᠳᠬᠢᠯ ᠲᠠᠯᠪᠢᠨ ᠬᠠᠢ᠌ᠷᠠᠯᠠᠨ ᠬᠠᠮᠠᠭ᠋ᠠᠯᠠᠵᠤ᠂ ᠨᠢᠭᠡ ᠨᠢᠭᠡ᠎ᠪᠠᠷ ᠨᠢᠮᠪᠠᠢ ᠲᠤᠭᠤᠰᠢᠯᠠᠭᠤᠯᠵᠤ᠂ ᠥᠨᠢ ᠤᠳᠠᠭ᠋ᠠᠨ ᠭᠠᠪᠢᠶ᠎ᠠ ᠪᠠᠢ᠌ᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠭᠰᠠᠨ ᠠᠮᠢᠳᠤᠯᠢᠭ ᠦᠢ᠍ᠯᠡᠳᠦᠯᠭᠡ ᠵᠢ ᠢᠯᠡᠷᠡᠭᠦᠯᠦᠭᠰᠡᠨ ᠪᠠᠢ᠌ᠨ᠎ᠠ᠃ ᠪᠢᠳᠡ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠦᠢ᠍ᠯᠡᠳᠦᠯᠭᠡᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠨᠠᠩ ᠥᠨᠳᠥᠷ ᠪᠠᠷᠢᠮᠵᠢᠶ᠎ᠠ᠎ᠪᠠᠷ ᠰᠠᠶ᠋ᠢᠲᠤᠷ ᠬᠢᠵᠦ᠂ ᠶᠡᠬᠡ ᠲᠠᠯ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠠᠭᠤᠯᠠ ᠵᠢ ᠬᠠᠮᠠᠭ᠋ᠠᠯᠠᠬᠤ᠂ ᠤᠰᠤ ᠠᠷᠪᠢᠯᠠᠬᠤ᠂ ᠣᠶ᠋ᠢᠵᠢᠭᠤᠯᠬᠤ᠂ ᠲᠠᠷᠢᠶᠠᠨ ᠭᠠᠵᠠᠷ᠎ᠢ ᠥᠭᠡᠷᠡᠴᠢᠯᠡᠬᠦ᠂ ᠨᠠᠭᠤᠷ᠎ᠢ ᠬᠠᠮᠠᠭ᠋ᠠᠯᠠᠬᠤ᠂ ᠡᠪᠡᠰᠦ ᠪᠡᠯᠴᠢᠭᠡᠷ᠎ᠢ ᠨᠡᠮᠡᠭᠳᠡᠭᠦᠯᠬᠦ᠂ ᠡᠯᠡᠰᠦ ᠵᠢ ᠵᠠᠰᠠᠬᠤ ᠳᠤᠮᠳᠠ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠵᠤ᠂ ᠦᠵᠡᠰᠬᠦᠯᠡᠩᠲᠦ ᠰᠠᠢ᠌ᠬᠠᠨ ᠪᠠᠶᠠᠨᠨᠠᠭᠤᠷᠢ ᠪᠦᠲᠦᠭᠡᠨ ᠪᠠᠢ᠌ᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠢᠯᠡᠷᠡᠭᠦᠯᠪᠡ᠃
《ᠪᠠᠷᠢᠮᠲᠠᠲᠤ ᠹᠢᠯᠢᠮ ᠵᠢ ᠦᠵᠡᠭᠰᠡᠨ᠎ᠤ ᠳᠠᠷᠠᠭ᠎ᠠ᠂ ᠪᠢ ᠲᠤᠢ᠌ᠯ ᠵᠶ᠋ᠡᠷ ᠰᠡᠳᠬᠢᠯ ᠬᠥᠳᠡᠯᠪᠡ᠃ ᠨᠢᠭᠡᠳᠦᠭᠡᠷ ᠹᠷᠣᠨᠲ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠠᠵᠢᠯᠲᠠᠨ ᠪᠣᠯᠤᠭᠰᠠᠨ᠎ᠤ ᠬᠤᠪᠢ᠎ᠳᠤ ᠪᠢ ᠰᠠᠷ᠎ᠠ ᠪᠦᠷᠢ ᠤᠯᠠᠭ᠋ᠠᠨᠰᠤᠬᠠᠢ ᠨᠠᠭᠤᠷ᠎ᠲᠤ ᠢᠷᠠᠵᠤ ᠥᠯᠢᠭᠡᠷ ᠠᠪᠴᠤ ᠰᠢᠯᠭ᠋ᠠᠨ ᠪᠠᠢ᠌ᠴᠠᠭ᠋ᠠᠳᠠᠭ᠃ ᠤᠯᠠᠭ᠋ᠠᠨᠰᠤᠬᠠᠢ ᠨᠠᠭᠤᠷ᠎ᠤᠨ ᠡᠲᠡᠭᠡᠷ ᠵᠢᠯ᠎ᠤᠨ ᠬᠤᠪᠢᠷᠠᠯᠲᠠ ᠵᠢ ᠭᠦᠨᠵᠡᠭᠡᠢ ᠣᠢ᠌ᠯᠠᠭ᠋ᠠᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ᠎ᠨᠤᠭᠤᠳ᠎ᠨᠢ ᠤᠯᠠᠭ᠋ᠠᠨᠰᠤᠬᠠᠢ ᠨᠠᠭᠤᠷ᠎ᠤᠨ ᠤᠰᠤᠨ᠎ᠤ ᠴᠢᠨᠠᠷ᠎ᠤᠨ ᠬᠤᠪᠢᠷᠠᠯᠲᠠ ᠵᠢᠨ ᠪᠠᠶ᠋ᠢᠳᠠᠯ᠎ᠢ ᠢᠯᠡᠷᠡᠭᠦᠯᠦᠭᠰᠡᠨ ᠲᠡᠳᠦᠢ ᠪᠢᠰᠢ᠂ ᠪᠠᠰᠠ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠤᠳᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠯᠠᠭ᠋ᠠᠨᠰᠤᠬᠠᠢ ᠨᠠᠭᠤᠷ᠎ᠢ ᠶᠡᠷᠦᠩᠬᠡᠢ᠌ᠯᠡᠨ ᠵᠠᠰᠠᠬᠤ ᠲᠠᠯ᠎ᠠ᠎ᠪᠠᠷ ᠭᠠᠷᠭ᠋ᠠᠭᠰᠠᠨ ᠡᠷᠡᠰ ᠵᠣᠷᠢᠭ ᠪᠠ ᠴᠢᠷᠮᠠᠢ᠌ᠯᠭ᠎ᠠ ᠵᠢ ᠲᠤᠰᠬᠠᠵᠤ᠂ ᠠᠷᠠᠳ ᠤᠯᠠᠨ᠎ᠤ ᠠᠮᠢ ᠠᠬᠤᠢ ᠣᠷᠴᠢᠨ ᠲᠣᠭᠣᠷᠢᠨ᠎ᠤ ᠲᠤᠬᠠᠢ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ ᠳᠡᠭᠡᠭᠰᠢᠯᠡᠯᠲᠡ᠎ᠲᠠᠢ ᠪᠣᠯᠤᠭᠰᠠᠨ ᠪᠠᠢ᠌ᠨ᠎ᠠ》 ᠭᠡᠵᠦ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠠᠶᠠᠨᠨᠠᠭᠤᠷ᠎ᠤᠨ ᠬᠤᠪᠢᠶᠠᠷᠢ ᠥᠷᠲᠡᠭᠡ ᠵᠢᠨ ᠠᠵᠢᠯᠲᠠᠨ ᠮᠢᠶᠣᠣ ᠹᠧᠩ᠂ ᠬᠣᠶ᠋ᠢᠰᠢᠳᠠ ᠪᠢ ᠦᠷᠭᠦᠯᠵᠢᠯᠡᠨ ᠲᠤᠬᠠᠢ᠌ᠯᠠᠭᠰᠠᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠠᠵᠢᠯᠴᠢ ᠬᠢᠴᠢᠶᠡᠩᠭᠦᠢ᠎ᠪᠠᠷ ᠡᠭᠦᠷᠭᠡ ᠬᠠᠷᠢᠭᠤᠴᠠᠯᠭ᠎ᠠ᠎ᠪᠠᠨ ᠬᠢᠴᠢᠶᠡᠩᠭᠦᠢ᠌ᠯᠡᠨ ᠭᠦᠢ᠍ᠴᠡᠳᠬᠡᠵᠦ᠂ ᠤᠰᠤᠨ᠎ᠤ ᠴᠢᠨᠠᠷ᠎ᠤᠨ ᠥᠯᠢᠭᠡᠷ ᠠᠪᠬᠤ ᠠᠵᠢᠯ᠎ᠢ ᠰᠠᠶ᠋ᠢᠲᠤᠷ ᠬᠢᠵᠦ᠂ ᠨᠤᠲᠤᠭ ᠤᠰᠤ᠎ᠪᠠᠨ ᠬᠠᠢ᠌ᠷᠠᠯᠠᠬᠤ ᠰᠡᠳᠬᠢᠯᠭᠡ᠎ᠪᠠᠨ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠦ ᠬᠡᠯᠡᠪᠡ᠃
ᠪᠠᠷᠢᠮᠲᠠᠲᠤ ᠹᠢᠯᠢᠮ᠎ᠤᠨ ᠬᠣᠶᠠᠳᠤᠭ᠋ᠠᠷ ᠪᠦᠯᠦᠭ 《ᠪᠣᠭᠣᠮᠲᠠ ᠰᠢᠪᠲᠤᠯᠬᠤ ᠳᠠᠢ᠌ᠯᠠᠯᠳᠤᠭ᠋ᠠᠨ》᠎ᠨᠢ ᠤᠯᠠᠭ᠋ᠠᠨᠰᠤᠬᠠᠢ᠎ᠪᠠᠷ ᠡᠬᠢᠯᠡᠵᠦ᠂ ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢᠨ ᠴᠢᠬᠤᠯᠠ ᠴᠢᠨᠠᠷ ᠵᠢᠴᠢ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠲᠠᠯ᠎ᠠ᠎ᠪᠠᠷ ᠭᠠᠷᠭ᠋ᠠᠭᠰᠠᠨ ᠴᠢᠷᠮᠠᠢ᠌ᠯᠭ᠎ᠠ ᠵᠢ ᠨᠠᠷᠢᠨ ᠲᠣᠳᠣᠷᠬᠠᠢ ᠬᠠᠷᠠᠭᠤᠯᠵᠠᠢ᠃ ᠳᠠᠷᠠᠭ᠋ᠠᠴᠢ ᠵᠢᠨ ᠠᠯᠬᠤᠮ᠎ᠳᠤ᠂ ᠪᠢᠳᠡ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠭᠣᠣᠯ ᠪᠣᠯᠭ᠋ᠠᠵᠤ᠂ ᠰᠠᠪᠠ ᠭᠠᠵᠠᠷ᠎ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠦᠷᠭᠦᠯᠵᠢᠯᠡᠨ ᠠᠬᠢᠭᠤᠯᠤᠨ᠎ᠠ᠃ ᠡᠭᠦᠨ᠎ᠤ ᠬᠠᠮᠲᠤ᠂ ᠪᠢᠳᠡ ᠵᠠᠰᠠᠯᠲᠠ ᠵᠢᠨ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠭᠦᠨᠵᠡᠭᠡᠢ ᠥᠷᠨᠢᠭᠦᠯᠵᠦ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠭᠤᠶ᠋ᠢᠪᠢᠰᠢ ᠦᠭᠡᠢ ᠰᠠᠶ᠋ᠢᠲᠤᠷ ᠵᠠᠮᠨᠠᠵᠤ᠂ ᠤᠯᠠᠭ᠋ᠠᠨᠰᠤᠬᠠᠢ ᠨᠠᠭᠤᠷ᠎ᠢ ᠨᠡᠩ ᠴᠡᠯᠮᠡᠭ ᠲᠤᠩᠭ᠋ᠠᠯᠠᠭ᠂ ᠭᠤᠶᠤ ᠰᠠᠢ᠌ᠬᠠᠨ ᠪᠣᠯᠭ᠋ᠠᠬᠤ᠎ᠪᠠᠷ ᠴᠢᠷᠮᠠᠢ᠌ᠬᠤ ᠪᠣᠯᠣᠨ᠎ᠠ᠃