4 ᠰᠠᠷ᠎ᠠ ᠵᠢᠨ 29᠎ᠤ ᠡᠳᠦᠷ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠥᠬᠥ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠠᠬᠢᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠣᠢ᠌ᠷ᠎ᠠ ᠵᠢᠨ ᠬᠤᠭᠤᠴᠠᠭ᠋ᠠᠨ᠎ᠤ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃ ᠲᠦᠩᠯᠢᠶᠣᠣ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠰᠢᠤᠸᠠᠨ ᠳ᠋ᠦᠩ ᠱᠧᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠵᠠᠩ ᠵᠢᠶᠠᠨ ᠰᠢᠨ ᠳᠠᠭ᠋ᠠᠭ᠋ᠠᠴᠢᠯᠠᠨ ᠬᠠᠷᠢᠯᠴᠠᠬᠤ ᠳᠤᠭᠤᠢ᠌ᠯᠠᠩ᠎ᠤᠨ ᠪᠠᠢ᠌ᠴᠠᠭ᠋ᠠᠨ ᠰᠤᠳᠤᠯᠤᠯᠲᠠ᠎ᠳᠤ ᠢᠯᠡᠷᠡᠭᠦᠯᠦᠭᠰᠡᠨ ᠠᠰᠠᠭᠤᠳᠠᠯ᠎ᠤᠨ ᠪᠠᠶ᠋ᠢᠳᠠᠯ᠎ᠢ ᠵᠠᠷᠯᠠᠨ ᠮᠡᠳᠡᠭᠳᠡᠵᠦ᠂ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ ᠤᠯᠠᠨ ᠲᠠᠯ᠎ᠠ ᠵᠢᠨ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠣᠣᠯᠳᠠᠯᠭ᠎ᠠ᠎ᠲᠠᠢ ᠥᠷᠨᠢᠭᠦᠯᠵᠦ᠂ ᠡᠯ᠎ᠡ ᠬᠣᠰᠢᠭᠤ ᠰᠢᠶᠠᠨ ᠬᠣᠲᠠ ᠵᠢᠨ ᠬᠤᠪᠢᠶᠠᠷᠢ ᠲᠣᠪᠴᠢᠶᠠᠨ᠎ᠤ ᠨᠥᠬᠥᠳ ᠶᠡᠬᠡ ᠬᠦᠴᠦ ᠣᠷᠣᠭᠤᠯᠵᠤ᠂ ᠭᠦᠨᠵᠡᠭᠡᠢ ᠵᠠᠳᠠᠯᠤᠨ ᠰᠤᠳᠤᠯᠵᠤ᠂ ᠨᠡᠶ᠋ᠢᠴᠡᠬᠦ ᠴᠡᠭ᠎ᠢ ᠣᠨᠣᠪᠴᠢᠲᠠᠢ ᠡᠷᠢᠨ ᠣᠯᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠠᠵᠢᠯᠯᠠᠬᠤ ᠵᠢ ᠴᠢᠬᠤᠯᠠᠴᠢᠯᠠᠨ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠵᠦ᠂ ᠳᠤᠲᠠᠭᠤᠳᠠᠯ᠎ᠢ ᠨᠥᠬᠥᠪᠦᠷᠢᠯᠡᠬᠦ᠂ ᠬᠦᠴᠦᠷᠬᠡᠭ ᠪᠠᠭᠤᠷᠠᠢ ᠲᠠᠯ᠎ᠠ᠎ᠪᠠᠷ ᠦᠨᠡᠨ ᠬᠦ᠌ ᠰᠢᠨ᠎ᠡ ᠰᠢᠪᠲᠤᠯᠤᠯᠲᠠ᠎ᠲᠠᠢ ᠪᠣᠯᠭ᠋ᠠᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃ ᠲᠣᠪᠴᠢᠶᠠᠨ ᠳᠠᠷᠤᠭ᠎ᠠ ᠬᠠᠨ ᠰᠢᠤ ᠯᠢ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠤᠰᠬᠠᠢ ᠳᠤᠭᠤᠢ᠌ᠯᠠᠩ᠎ᠤᠨ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ᠎ᠤᠨ 《ᠭᠤᠷᠪᠠ ᠵᠢ ᠪᠦᠷᠢᠳᠦᠭᠦᠯᠬᠦ》 ᠪᠠᠲᠤᠯᠠᠭ᠎ᠠ ᠵᠢ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ ᠪᠣᠯᠣᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠲᠤᠰᠬᠠᠢ ᠳᠤᠭᠤᠢ᠌ᠯᠠᠩ᠎ᠤᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠢᠳᠡᠪᠬᠢᠲᠡᠢ ᠳᠠᠢ᠌ᠴᠢᠯᠠᠬᠤ ᠬᠡᠷᠡᠭᠲᠡᠢ᠃ ᠳᠠᠭ᠋ᠠᠭ᠋ᠠᠴᠢᠯᠠᠨ ᠬᠠᠷᠢᠯᠴᠠᠬᠤ ᠳᠤᠭᠤᠢ᠌ᠯᠠᠩ᠎ᠲᠠᠢ ᠨᠢᠭᠲᠠ ᠨᠡᠪᠲᠡᠷᠡᠯᠴᠡᠵᠦ᠂ ᠳᠤᠲᠠᠭᠤᠳᠠᠯ᠎ᠢ ᠨᠥᠬᠥᠪᠦᠷᠢᠯᠡᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ᠂ ᠬᠥᠭᠵᠢᠯᠲᠡ ᠵᠢ ᠠᠬᠢᠭᠤᠯᠵᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠳᠡᠳ᠋ ᠬᠣᠲᠠ ᠵᠢᠨ ᠳᠠᠷᠤᠭ᠎ᠠ ᠰᠢᠤᠸᠠᠨ ᠳ᠋ᠦᠩ ᠱᠧᠩ᠂ ᠪᠥᠬᠥ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠭᠦᠨᠵᠡᠭᠡᠢ ᠬᠡᠷᠡᠭᠵᠢᠭᠦᠯᠬᠦ ᠵᠢ ᠳᠥᠷᠪᠡᠨ ᠱᠠᠲᠤ ᠦᠶ᠎ᠡ᠎ᠪᠠᠷ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠶ᠃ ᠬᠡᠯᠪᠡᠷᠢ ᠵᠢ ᠬᠤᠪᠢᠷᠠᠭᠤᠯᠬᠤ ᠶᠠᠪᠤᠴᠠ᠎ᠳᠤ ᠡᠭᠦᠷᠭᠡ ᠴᠢᠳᠠᠪᠤᠷᠢ ᠵᠢ ᠲᠣᠬᠢᠷᠠᠭᠤᠯᠬᠤ᠂ ᠪᠠᠢ᠌ᠭᠤᠯᠤᠮᠵᠢ ᠵᠢ ᠰᠢᠯᠢᠳᠡᠭᠵᠢᠭᠦᠯᠬᠦ᠂ ᠡᠩᠨᠡᠭᠡ ᠵᠢ ᠲᠠᠬᠢᠨ ᠪᠠᠢ᠌ᠭᠤᠯᠬᠤ ᠠᠵᠢᠯ᠎ᠢ ᠢᠳᠡᠪᠬᠢᠲᠡᠢ ᠰᠠᠶ᠋ᠢᠲᠤᠷ ᠠᠳᠬᠤᠬᠤ ᠬᠡᠷᠡᠭᠲᠡᠢ᠃ ᠬᠣᠰᠢᠭᠤ ᠰᠢᠶᠠᠨ ᠬᠣᠲᠠ ᠲᠣᠭᠣᠷᠢᠭ᠎ᠨᠢ ᠡᠯ᠎ᠡ ᠵᠦᠢ᠍ᠯ᠎ᠤᠨ ᠠᠵᠢᠯ᠎ᠢ ᠦᠨᠡᠨᠬᠦ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠂ ᠪᠠᠢ᠌ᠭᠤᠯᠤᠮᠵᠢ ᠲᠣᠭᠲᠠᠴᠠ᠂ ᠠᠵᠢᠯᠲᠠᠨ᠎ᠤ ᠬᠦᠴᠦᠨ ᠵᠡᠷᠭᠡ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠢᠵᠠᠭ᠋ᠠᠷᠯᠠᠵᠤ ᠪᠠᠢ᠌ᠭ᠎ᠠ ᠳᠤᠲᠠᠭᠤᠳᠠᠯ ᠪᠠ ᠠᠰᠠᠭᠤᠳᠠᠯ᠎ᠢ ᠨᠢᠭᠡ ᠤᠳᠠᠭ᠎ᠠ᠎ᠳᠤ ᠲᠣᠳᠣᠷᠬᠠᠢ᠌ᠯᠠᠬᠤ ᠵᠢᠨ ᠬᠠᠮᠲᠤ᠂ ᠲᠣᠰ ᠲᠣᠰ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠴᠢᠭᠯᠡᠭᠦᠯᠬᠦ ᠴᠢᠨᠠᠷᠲᠠᠢ᠎ᠪᠠᠷ ᠰᠢᠢ᠍ᠳᠪᠦᠷᠢᠯᠡᠬᠦ ᠪᠠ ᠳᠡᠭᠡᠭᠰᠢᠯᠡᠭᠦᠯᠬᠦ ᠬᠡᠷᠡᠭᠲᠡᠶ᠃ ᠬᠡᠯᠪᠡᠷᠢ᠎ᠪᠠᠨ ᠬᠤᠪᠢᠷᠠᠭᠤᠯᠤᠨ ᠰᠢᠯᠢᠳᠡᠭᠵᠢᠭᠦᠯᠬᠦ ᠠᠵᠢᠯ᠎ᠤᠨ ᠬᠠᠷᠢᠭᠤᠴᠠᠯᠭ᠋ᠠᠲᠤ ᠰᠡᠳᠬᠢᠯᠭᠡ ᠪᠠ ᠲᠤᠯᠭ᠋ᠠᠮ᠎ᠠ ᠰᠡᠳᠬᠢᠯᠭᠡ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠪᠣᠳᠠᠲᠠᠢ᠎ᠲᠠᠢ ᠤᠶᠠᠯᠳᠤᠭᠤᠯᠤᠨ ᠡᠯ᠎ᠡ ᠵᠦᠢ᠍ᠯ᠎ᠤᠨ ᠬᠡᠯᠪᠡᠷᠢ᠎ᠪᠠᠨ ᠬᠤᠪᠢᠷᠠᠭᠤᠯᠤᠨ ᠰᠢᠯᠢᠳᠡᠭᠵᠢᠭᠦᠯᠬᠦ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠡᠯ᠎ᠡ ᠵᠦᠢ᠍ᠯ᠎ᠤᠨ ᠣᠨ᠎ᠤ ᠡᠭᠦᠷᠭᠡ ᠵᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠶᠡᠷᠦᠩᠬᠡᠢ᠌ᠯᠡᠭᠰᠡᠨ ᠰᠠᠯᠠᠭ᠎ᠠ ᠵᠢᠨ ᠭᠣᠣᠯ ᠬᠠᠷᠢᠭᠤᠴᠠᠯᠭ᠋ᠠᠲᠠᠨ᠂ ᠡᠯ᠎ᠡ ᠬᠣᠰᠢᠭᠤ ᠰᠢᠶᠠᠨ ᠬᠤᠳᠠ ᠵᠢᠨ ᠲᠣᠭᠣᠷᠢᠭ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠢᠴᠢ ᠬᠤᠪᠢᠶᠠᠷᠢ ᠲᠣᠪᠴᠢᠶᠠᠨ᠎ᠤ ᠳᠤᠮᠳᠠ᠎ᠠᠴᠠ ᠳᠡᠭᠡᠭᠰᠢᠬᠢ ᠺᠠᠳ᠋ᠷ ᠬᠤᠷᠠᠯ᠎ᠳᠤ ᠣᠷᠣᠯᠴᠠᠪᠠ᠃