4 ᠰᠠᠷ᠎ᠠ ᠵᠢᠨ 28᠎ᠤ ᠡᠳᠦᠷ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶᠠᠨ᠎ᠤ ᠳᠠᠷᠤᠭ᠎ᠠ ᠬᠠᠨ ᠰᠢᠤ ᠯᠢ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ᠎ᠤᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ ᠪᠠᠢ᠌ᠭ᠎ᠠ ᠪᠠᠶ᠋ᠢᠳᠠᠯ᠎ᠢ ᠳ᠋ᠦᠩᠨᠡᠵᠦ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃ ᠲᠣᠪᠴᠢᠶ᠎ᠠ ᠵᠢᠨ ᠤᠳᠤᠷᠢᠳᠤᠯᠭ᠎ᠠ᠂ ᠪᠠᠢ᠌ᠭᠤᠯᠤᠯᠭ᠎ᠠ ᠵᠢᠨ ᠡᠯ᠎ᠡ ᠰᠠᠯᠠᠭ᠎ᠠ ᠲᠠᠰᠤᠭ᠂ ᠬᠣᠶᠠᠳᠤᠭ᠋ᠠᠷ ᠳᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃
ᠬᠤᠷᠠᠯ ᠳᠡᠭᠡᠷ᠎ᠡ᠂ ᠡᠯ᠎ᠡ ᠰᠠᠯᠠᠭ᠎ᠠ ᠲᠠᠰᠤᠭ᠂ ᠬᠣᠶᠠᠳᠤᠭ᠋ᠠᠷ ᠳᠡᠰ᠎ᠤᠨ ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠲᠠᠨ᠎ᠠᠴᠠ ᠲᠠᠰᠤᠭ (ᠨᠢᠭᠡᠴᠢ)᠎ᠤᠨ ᠵᠶ᠋ᠡᠨ 《ᠵᠢᠷᠭᠤᠭ᠎ᠠ ᠵᠢ ᠨᠢᠭᠡᠳᠦᠯᠲᠡᠢ ᠲᠥᠯᠥᠪᠯᠡᠬᠦ》 ᠵᠢ ᠠᠬᠢᠭᠤᠯᠬᠤ ᠡᠯ᠎ᠡ ᠵᠦᠢ᠍ᠯ᠎ᠤᠨ ᠠᠵᠢᠯ᠎ᠤᠨ ᠳᠤᠮᠳᠠ ᠣᠯᠣᠭᠰᠠᠨ ᠠᠮᠵᠢᠯᠲᠠ ᠪᠦᠲᠦᠮᠵᠢ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ᠂ ᠭᠣᠣᠯᠳᠠᠯᠭ᠎ᠠ᠎ᠲᠠᠢ ᠡᠭᠦᠷᠭᠡ ᠠᠵᠢᠯ᠎ᠤᠨ ᠰᠡᠳᠬᠢᠮᠵᠢ ᠵᠢ ᠳᠤᠷᠠᠳᠴᠤ᠂ ᠲᠣᠪᠴᠢᠶ᠎ᠠ ᠵᠢᠨ ᠤᠳᠤᠷᠢᠳᠤᠯᠭ᠎ᠠ᠎ᠠᠴᠠ ᠡᠯ᠎ᠡ ᠵᠦᠢ᠍ᠯ᠎ᠤᠨ ᠠᠵᠢᠯ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ᠂ ᠪᠦᠬᠦ ᠲᠠᠯ᠎ᠠ᠎ᠪᠠᠷ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠪᠠᠢ᠌ᠷᠢᠯᠠᠭᠤᠯᠤᠯᠲᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠪᠣᠯᠣᠨ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠡᠭᠦᠷᠭᠡ ᠴᠢᠳᠠᠪᠤᠷᠢ ᠵᠢ ᠴᠢᠩᠭ᠋ᠠᠳᠬᠠᠵᠤ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠨ ᠪᠣᠳᠠᠲᠠᠢ ᠬᠠᠷᠢᠭᠤᠴᠠᠯᠭ᠋ᠠᠲᠠᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠷᠢᠭᠤᠴᠠᠯᠭ᠋ᠠᠲᠤ ᠰᠠᠯᠠᠭ᠎ᠠ ᠲᠠᠰᠤᠭ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠵᠦᠢ᠍ᠯ ᠳᠠᠷᠠᠭ᠋ᠠᠯᠠᠨ ᠪᠣᠳᠠᠲᠠᠢ᠌ᠵᠢᠭᠤᠯᠵᠤ᠂ ᠪᠦᠬᠦ ᠬᠤᠳᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠨᠡᠪᠲᠡᠷᠡᠯᠴᠡᠨ ᠵᠣᠬᠢᠴᠠᠭᠤᠯᠵᠤ᠂ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠶᠡᠷᠦᠩᠬᠡᠢ ᠱᠠᠭ᠋ᠠᠷᠳᠠᠯᠭ᠎ᠠ ᠵᠢ ᠨᠠᠷᠢᠯᠢᠭᠵᠢᠭᠤᠯᠤᠨ ᠨᠠᠢ᠌ᠳᠠᠪᠤᠷᠢᠵᠢᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠶ᠃ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》᠎ᠪᠠᠷ ᠶᠡᠷᠦᠩᠬᠡᠢ ᠭᠠᠷᠳᠠᠴᠠ ᠪᠣᠯᠭ᠋ᠠᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠡᠭᠦᠷᠭᠡ ᠵᠢ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ ᠲᠥᠪᠯᠡᠷᠡᠭᠦᠯᠵᠦ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠵᠦ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠪᠣᠯ 2024 ᠣᠨ᠎ᠤ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ᠎ᠠ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠦᠵᠡᠯᠲᠡ ᠵᠢ ᠬᠤᠪᠢᠷᠠᠭᠤᠯᠬᠤ ᠵᠢ ᠲᠦᠷᠭᠡᠳᠬᠡᠵᠦ᠂ 《ᠭᠤᠷᠪᠠ ᠵᠢ ᠲᠣᠭᠲᠠᠭ᠋ᠠᠬᠤ》 ᠲᠥᠰᠥᠯ᠎ᠲᠠᠢ ᠤᠶᠠᠯᠳᠤᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠵᠢ ᠲᠣᠬᠢᠷᠠᠭᠤᠯᠬᠤ ᠥᠷᠭᠡᠳᠬᠡᠬᠦ ᠵᠢ ᠠᠬᠢᠭᠤᠯᠬᠤ ᠬᠡᠷᠡᠭᠲᠡᠢ᠃ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠣᠷᠴᠢᠨ ᠠᠬᠤᠢ ᠵᠢᠨ ᠶᠠᠰᠤ ᠴᠢᠨᠠᠷ᠂ ᠪᠣᠬᠢᠷᠲᠤᠯ᠎ᠤᠨ ᠡᠬᠢ᠂ ᠪᠠᠶ᠋ᠢᠭ᠋ᠠᠯᠢ ᠵᠢᠨ ᠠᠮᠢ ᠠᠬᠤᠢ ᠵᠢᠨ ᠪᠠᠶ᠋ᠢᠳᠠᠯ ᠵᠡᠷᠭᠡ ᠡᠯᠧᠮᠧᠨ᠋ᠲ᠎ᠢ ᠬᠠᠮᠤᠷᠤᠭᠰᠠᠨ 《ᠲᠡᠭᠷᠢ ᠭᠠᠵᠠᠷ ᠪᠠ ᠠᠭ᠋ᠠᠷ》᠎ᠢ ᠨᠢᠭᠡ ᠴᠣᠭᠴᠠᠵᠢᠭᠤᠯᠤᠨ᠂ ᠠᠮᠢ ᠠᠬᠤᠢ ᠵᠢᠨ ᠣᠷᠴᠢᠨ ᠨᠥᠬᠥᠴᠡᠯ᠎ᠢ ᠬᠢᠨᠠᠨ ᠬᠡᠮᠵᠢᠬᠦ ᠰᠦᠯᠵᠢᠶ᠎ᠡ ᠵᠢ ᠨᠠᠷᠢᠯᠢᠭᠵᠢᠭᠤᠯᠬᠤ ᠬᠡᠷᠡᠭᠲᠡᠶ᠃ 21 ᠲᠥᠪᠯᠡᠷᠡᠯ᠎ᠤᠨ ᠴᠡᠭ᠎ᠤᠨ ᠲᠣᠭᠣᠷᠢᠨ᠎ᠳᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠭᠦᠨᠵᠡᠭᠡᠢ ᠬᠡᠷᠡᠭᠵᠢᠭᠦᠯᠬᠦ ᠵᠢ ᠳᠥᠷᠪᠡᠨ ᠱᠠᠲᠤ ᠦᠶ᠎ᠡ᠎ᠪᠠᠷ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠳᠠᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃