5 ᠰᠠᠷ᠎ᠠ ᠵᠢᠨ 8᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠣᠣ ᠱ᠌ᠢ ᠳ᠋ᠧ ᠪᠦᠯᠬᠦᠮ ᠳᠠᠭ᠋ᠠᠭᠤᠯᠤᠨ ᠬᠡᠰᠢᠭᠲᠡᠨ ᠬᠣᠰᠢᠭᠤᠨ᠎ᠳᠤ ᠬᠦᠷᠴᠦ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠤᠨ ᠨᠠᠢ᠌ᠳᠠᠪᠤᠷᠢᠵᠢᠭᠤᠯᠬᠤ ᠵᠢᠴᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠠᠵᠢᠯ᠎ᠤᠨ ᠪᠠᠶ᠋ᠢᠳᠠᠯ᠎ᠤᠨ ᠲᠤᠬᠠᠢ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠬᠢᠪᠡ᠃
ᠶᠠᠷᠢᠯᠴᠠᠬᠤ ᠬᠤᠷᠠᠯ ᠳᠡᠭᠡᠷ᠎ᠡ᠂ ᠬᠡᠰᠢᠭᠲᠡᠨ ᠬᠣᠰᠢᠭᠤᠨ᠎ᠤ ᠳᠠᠷᠤᠭ᠎ᠠ ᠵᠠᠩ ᠴᠢ ᠬᠡᠰᠢᠭᠲᠡᠨ ᠬᠣᠰᠢᠭᠤᠨ᠎ᠤ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ ᠪᠣᠯᠣᠨ ᠳᠠᠷᠠᠭ᠋ᠠᠴᠢ ᠵᠢᠨ ᠠᠯᠬᠤᠮ᠎ᠤᠨ ᠰᠡᠳᠬᠢᠴᠡ ᠠᠷᠭ᠎ᠠ ᠬᠡᠮᠵᠢᠶ᠎ᠡ᠎ᠪᠠᠨ ᠬᠠᠷᠢᠭᠤ ᠮᠡᠳᠡᠭᠦᠯᠵᠦ᠂ ᠬᠤᠷᠠᠯ᠎ᠳᠤ ᠣᠷᠣᠯᠴᠠᠭᠰᠠᠳ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠨᠠᠢ᠌ᠳᠠᠪᠤᠷᠢᠵᠢᠭᠤᠯᠬᠤ᠂ 《ᠶᠡᠬᠡ ᠠᠮᠢ ᠠᠬᠤᠢ》 ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠡᠷᠭᠡ ᠵᠢᠨ ᠲᠣᠭᠣᠷᠢᠨ᠎ᠳᠤ ᠰᠠᠨᠠᠯ ᠵᠶ᠋ᠠᠨ ᠭᠦᠨᠵᠡᠭᠡᠢ ᠰᠣᠯᠢᠯᠴᠠᠵᠠᠢ᠃
ᠵᠤᠤ ᠱ᠌ᠢ ᠳ᠋ᠧ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠢ ᠰᠠᠶ᠋ᠢᠲᠤᠷ ᠥᠷᠨᠢᠭᠦᠯᠬᠦ ᠪᠣᠯ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠂ ᠪᠦᠬᠦ ᠣᠷᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠭᠠᠷᠳᠠᠴᠠ ᠵᠢᠨ ᠦᠢ᠍ᠯᠡᠳᠦᠯ᠎ᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ; 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠤᠯᠠᠭ᠋ᠠᠨᠬᠠᠳᠠ ᠬᠤᠳᠠ ᠵᠢᠨ ᠡᠯ᠎ᠡ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠲᠣᠪᠣᠢ᠌ᠮ᠎ᠠ ᠠᠰᠠᠭᠤᠳᠠᠯ᠎ᠢ ᠰᠡᠳᠬᠢᠯ ᠲᠠᠯᠪᠢᠨ ᠬᠦᠴᠦ ᠲᠠᠯᠪᠢᠨ ᠰᠢᠢ᠍ᠳᠪᠦᠷᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠡᠯ᠎ᠡ ᠵᠦᠢ᠍ᠯ᠎ᠤᠨ ᠠᠵᠢᠯ᠎ᠤᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠨ ᠭᠠᠷᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠦ᠍ ᠵᠢᠶᠠᠨ ᠴᠢᠩ᠂ ᠬᠠᠤᠯᠢ ᠲᠣᠭᠲᠠᠭ᠋ᠠᠯ᠎ᠤᠨ ᠭᠠᠵᠠᠷ᠎ᠤᠨ ᠳᠠᠷᠤᠭ᠎ᠠ ᠭᠥᠸᠧ ᠫᠢᠩ᠂ ᠣᠷᠴᠢᠨ ᠲᠣᠭᠣᠷᠢᠨ᠎ᠤ ᠦᠨᠡᠯᠡᠯᠲᠡ ᠵᠢᠨ ᠭᠠᠵᠠᠷ᠎ᠤᠨ ᠳᠠᠷᠤᠭ᠎ᠠ ᠶᠤᠸᠠᠨ ᠶᠢᠩ ᠬᠤᠢ᠂ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠳᠡᠳ᠋ ᠳᠠᠷᠤᠭ᠎ᠠ ᠢᠦᠢ ᠬᠠᠢ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠯᠢ ᠶᠢᠩ ᠨᠠᠨ᠂ ᠱᠠᠯᠠᠪᠳᠠᠭᠤᠯᠤᠨ ᠪᠠᠢ᠌ᠴᠠᠭ᠋ᠠᠬᠤ ᠠᠯᠪᠠᠨ ᠭᠡᠷ᠎ᠤᠨ ᠡᠷᠬᠢᠯᠡᠭᠴᠢ ᠰᠦᠨ ᠶᠠᠨ ᠪᠥᠸᠧ᠂ ᠬᠣᠰᠢᠭᠤᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠰᠢᠭᠤᠨ ᠳᠠᠷᠤᠭ᠎ᠠ ᠵᠠᠩ ᠴᠢ᠂ ᠵᠠᠰᠠᠭ᠎ᠤᠨ ᠣᠷᠳᠣᠨ᠎ᠤ ᠳᠡᠳ᠋ ᠬᠣᠰᠢᠭᠤᠨ ᠳᠠᠷᠤᠭ᠎ᠠ ᠲᠢᠶᠠᠨ ᠬᠠᠢ ᠹᠧᠩ᠂ ᠬᠡᠰᠢᠭᠲᠡᠨ᠎ᠤ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ᠂ ᠬᠣᠰᠢᠭᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠳᠠᠷᠤᠭ᠎ᠠ ᠯᠢᠦ ᠪᠠᠢ ᠴᠢᠤᠸᠠᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠵᠠᠢ᠃