ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠬᠠᠮᠠᠳ ᠺᠠᠳ᠋ᠷᠴᠤᠳ᠎ᠤᠨ ᠲᠣᠪᠴᠢᠶ᠎ᠠ ᠵᠢᠨ 《ᠤᠮᠠᠷᠠᠲᠤ ᠬᠢᠯᠢ ᠵᠢᠨ ᠪᠤᠭᠤᠷᠤᠯᠴᠤᠳ᠎ᠤᠨ ᠬᠣᠰᠢᠭᠤᠴᠢ》 ᠨᠠᠮ᠎ᠤᠨ ᠡᠭᠦᠷ᠎ᠢ ᠡᠭᠦᠳᠦᠨ ᠪᠠᠢ᠌ᠭᠤᠯᠬᠤ ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠵᠣᠬᠢᠶᠠᠨ ᠪᠠᠢ᠌ᠭᠤᠯᠤᠯᠲᠠ ᠵᠢ ᠴᠢᠩᠭ᠋ᠠᠳᠬᠠᠬᠤ᠂ ᠪᠠᠷᠢᠮᠵᠢᠶ᠎ᠠ ᠵᠢ ᠴᠢᠩᠳᠠᠯᠠᠬᠤ᠂ ᠵᠢᠯᠣᠭᠣᠳᠤᠯᠭ᠎ᠠ ᠵᠢ ᠠᠳᠬᠤᠬᠤ᠂ ᠲᠠᠪᠴᠠᠩ ᠪᠠᠢ᠌ᠭᠤᠯᠬᠤ ᠵᠢ ᠪᠠᠷᠢᠮᠲᠠᠯᠠᠵᠤ᠂ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠵᠢ ᠲᠠᠰᠤᠷᠠᠯᠳᠡ ᠦᠭᠡᠢ ᠴᠢᠩᠭ᠋ᠠᠳᠬᠠᠵᠤ᠂ 《ᠵᠢᠷᠭᠤᠭ᠋ᠠᠨ ᠰᠠᠢ᠍ᠢ᠍ᠨ》 ᠵᠶ᠋ᠠᠷ ᠪᠠᠷᠢᠮᠵᠢᠶ᠎ᠠ ᠪᠣᠯᠭ᠋ᠠᠭᠰᠠᠨ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠵᠢ ᠴᠢᠷᠮᠠᠢ᠌ᠨ ᠠᠬᠢᠭᠤᠯᠪᠠ᠃
ᠨᠢᠭᠡ᠎ᠳᠤ ᠨᠠᠮ᠎ᠤᠨ ᠡᠭᠦᠷ᠎ᠢ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ ᠪᠠᠢ᠌ᠭᠤᠯᠪᠠ᠃ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ᠎ᠤ ᠬᠤᠭᠤᠴᠠᠭ᠎ᠠ ᠰᠣᠯᠢᠬᠤ ᠰᠣᠩᠭᠣᠭᠤᠯᠢ ᠵᠢ ᠵᠣᠬᠢᠶᠠᠨ ᠪᠠᠢ᠌ᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠭᠦᠷ᠎ᠤᠨ ᠠᠵᠢᠯ᠎ᠤᠨ ᠳᠦᠷᠢᠮ》 (ᠲᠤᠷᠰᠢᠨ ᠬᠡᠷᠡᠭᠵᠢᠭᠦᠯᠬᠦ) ᠶᠣᠰᠣᠭ᠋ᠠᠷ ᠠᠬᠠᠮᠠᠳ ᠺᠠᠳ᠋ᠷᠴᠤᠳ᠎ᠤᠨ ᠨᠠᠮ᠎ᠤᠨ ᠶᠡᠷᠦᠩᠬᠡᠢ ᠡᠭᠦᠷ᠎ᠢ ᠪᠠᠢ᠌ᠭᠤᠯᠵᠤ᠂ ᠠᠷᠠᠳᠴᠢᠯᠠᠯ ᠵᠶ᠋ᠠᠷ ᠦᠨᠡᠯᠡᠬᠦ᠂ ᠶᠡᠷᠦᠩᠬᠡᠢ ᠡᠭᠦᠷ᠎ᠢ ᠬᠢᠨᠠᠨ ᠰᠢᠯᠭ᠋ᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠨᠠᠮ᠎ᠤᠨ ᠡᠭᠦᠷ᠎ᠤᠨ ᠱᠦᠵᠢ ᠵᠢᠨ ᠰᠢᠯᠢᠳᠡᠭ᠎ᠢ ᠰᠣᠩᠭᠣᠵᠤ᠂ ᠨᠠᠮ᠎ᠤᠨ ᠡᠭᠦᠷ᠎ᠤᠨ ᠪᠠᠭ᠎ᠢ ᠴᠢᠩᠭ᠎ᠠ ᠲᠣᠬᠢᠷᠠᠭᠤᠯᠵᠤ᠂ ᠬᠣᠯᠪᠣᠭ᠋ᠠᠴᠢᠨ᠎ᠤ ᠳᠦᠷᠢᠮ᠎ᠢ ᠪᠠᠢ᠌ᠭᠤᠯᠤᠨ᠎ᠠ᠃ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠡᠭᠦᠷ᠎ᠤᠨ ᠪᠠᠭ᠎ᠤᠨ ᠪᠦᠷᠢᠯᠳᠦᠬᠦᠨ᠎ᠤ ᠳᠣᠲᠣᠷ᠎ᠠ ᠲᠢᠩᠬᠢᠮ᠎ᠤᠨ ᠲᠠᠰ᠎ᠤᠨ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ 44% ᠵᠢ ᠡᠵᠡᠯᠡᠵᠦ᠂ ᠭᠠᠵᠠᠷ᠎ᠤᠨ ᠲᠠᠰ᠎ᠤᠨ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠭᠡᠰᠢᠭᠦᠨ 56% ᠵᠢ ᠡᠵᠡᠯᠡᠵᠦ᠂ ᠰᠢᠨ᠎ᠡ ᠬᠠᠭᠤᠴᠢᠨ᠎ᠢ ᠵᠣᠬᠢᠴᠠᠭᠤᠯᠬᠤ᠂ ᠱᠠᠲᠤ ᠳᠠᠷᠠᠭ᠋ᠠᠯᠠᠨ ᠲᠣᠬᠢᠷᠠᠭᠤᠯᠬᠤ ᠵᠣᠬᠢᠶᠠᠨ ᠪᠠᠢ᠌ᠭᠤᠯᠤᠯᠲᠠ ᠵᠢᠨ ᠪᠦᠲᠦᠴᠡ ᠵᠢ ᠪᠦᠷᠢᠯᠳᠦᠭᠦᠯᠵᠦ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠦᠲᠦᠮᠵᠢᠲᠡᠢ ᠪᠦᠷᠬᠦᠭᠦᠯᠬᠦ ᠵᠢ ᠴᠢᠩᠭ᠋ᠠᠳᠬᠠᠪᠠ᠃ ᠬᠣᠶᠠᠷ᠎ᠲᠤ ᠪᠠᠭ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠪᠠ᠃ ᠨᠠᠮ᠎ᠤᠨ ᠡᠭᠦᠷ᠎ᠤᠨ ᠱᠦᠵᠢ᠂ ᠭᠡᠰᠢᠭᠦᠳ᠎ᠤᠨ ᠵᠢᠱ᠌ᠢᠶ᠎ᠡ ᠦᠵᠡᠭᠦᠯᠬᠦ ᠪᠣᠯᠪᠠᠰᠤᠷᠠᠯ᠎ᠢ ᠵᠣᠬᠢᠶᠠᠨ ᠪᠠᠢ᠌ᠭᠤᠯᠬᠤ᠂ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠵᠦ ᠰᠤᠷᠤᠯᠴᠠᠬᠤ᠂ ᠲᠤᠰᠬᠠᠢ ᠰᠡᠳᠦᠪᠲᠦ ᠮᠡᠳᠡᠭᠦᠯᠦᠯᠲᠡ ᠵᠢᠨ ᠬᠤᠷᠠᠯ ᠬᠢᠬᠦ᠂ ᠰᠤᠷᠤᠯᠭ᠎ᠠ ᠵᠢ ᠭᠡᠷ᠎ᠲᠤ᠎ᠨᠢ ᠬᠦᠷᠭᠡᠬᠦ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷ ᠨᠠᠮ᠎ᠤᠨ ᠭᠡᠰᠢᠭᠦᠨ᠎ᠤ ᠨᠠᠮ᠎ᠤᠨ ᠰᠢᠨ᠎ᠡ ᠵᠢ ᠡᠭᠦᠳᠬᠦ ᠤᠨᠤᠯ᠎ᠢ ᠰᠤᠷᠤᠯᠴᠠᠬᠤ ᠵᠢ ᠪᠦᠯᠦᠭ ᠬᠤᠪᠢᠶᠠᠨ ᠳᠦᠷᠦᠯ ᠬᠤᠪᠢᠶᠠᠨ ᠵᠣᠬᠢᠶᠠᠨ ᠪᠠᠢ᠌ᠭᠤᠯᠵᠤ ᠬᠥᠲᠥᠯᠥᠨ ᠵᠢᠯᠤᠭᠣᠳᠴᠤ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠨᠠᠮ᠎ᠤᠨ ᠪᠠᠢ᠌ᠭᠤᠯᠤᠯᠲᠠ ᠵᠢᠨ 《ᠵᠢᠷᠭᠤᠭ᠋ᠠᠨ ᠰᠠᠢ᠍ᠢ᠍ᠨ》 ᠪᠠᠷᠢᠮᠵᠢᠶ᠎ᠠ 《ᠤᠮᠠᠷᠠᠲᠤ ᠬᠢᠯᠢ ᠵᠢᠨ ᠪᠤᠭᠤᠷᠤᠯᠴᠤᠳ᠎ᠤᠨ ᠬᠣᠰᠢᠭᠤᠴᠢ》 ᠨᠠᠮ᠎ᠤᠨ ᠡᠭᠦᠷ᠎ᠤᠨ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠠᠵᠢᠯ᠎ᠢ ᠠᠬᠢᠭᠤᠯᠬᠤ ᠬᠤᠷᠠᠯ᠎ᠢ ᠬᠤᠷᠠᠯᠳᠤᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠰᠢᠷᠢᠰ ᠠᠵᠢᠯᠯᠠᠭ᠎ᠠ ᠵᠢ ᠥᠷᠨᠢᠭᠦᠯᠵᠦ᠂ ᠨᠠᠮ᠎ᠤᠨ ᠡᠭᠦᠷ᠎ᠤᠨ ᠱᠦᠵᠢ᠂ ᠭᠡᠰᠢᠭᠦᠨ᠎ᠤ ᠴᠢᠳᠠᠪᠤᠷᠢ ᠬᠡᠪ ᠴᠢᠨᠠᠷ᠎ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠭᠤᠷᠪᠠ᠎ᠳᠤ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠢ ᠴᠢᠩᠭ᠎ᠠ ᠨᠠᠢ᠌ᠳᠠᠪᠤᠷᠢᠵᠢᠭᠤᠯᠪᠠ᠃ ᠠᠬᠠᠮᠠᠳ ᠺᠠᠳ᠋ᠷᠴᠤᠳ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠠᠵᠢᠯᠯᠠᠬᠤ ᠠᠷᠭ᠎ᠠ ᠵᠢᠨ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠵᠢ ᠡᠭᠦᠳᠴᠦ᠂ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠥᠪ ᠴᠢᠩᠭ᠎ᠠ ᠪᠠᠶ᠋ᠢᠬᠤ ᠵᠢ ᠠᠬᠢᠭᠤᠯᠵᠤ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠵᠢᠨ ᠬᠤᠪᠢ ᠬᠤᠷᠠᠮᠳᠤᠭᠤᠯᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》᠎ᠢ ᠴᠢᠩᠭ᠎ᠠ ᠨᠠᠢ᠌ᠳᠠᠪᠤᠷᠢᠵᠢᠭᠤᠯᠤᠨ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠨᠴᠠᠭ᠋ᠠᠢ᠌ᠯᠠᠨ ᠣᠨᠳᠣᠣ ᠭᠠᠵᠠᠷ᠎ᠲᠤ ᠨᠠᠮ᠎ᠤᠨ ᠭᠡᠰᠢᠭᠦᠨ᠎ᠢ ᠲᠥᠪᠬᠢᠨᠡᠭᠦᠯᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠰᠤᠷᠪᠤᠯᠵᠢᠯᠠᠨ ᠲᠣᠬᠣᠨᠢᠭᠤᠯᠵᠤ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠨᠡᠭᠦᠳᠡᠯ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠪᠠ᠃ ᠳᠥᠷᠪᠡ᠎ᠳᠤ ᠪᠠᠲᠤᠯᠠᠭ᠎ᠠ ᠵᠢᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ 《ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ》 ᠵᠢ ᠲᠣᠭᠲᠠᠭ᠋ᠠᠨ ᠨᠡᠢ᠌ᠲᠡᠯᠡᠵᠦ᠂ ᠠᠬᠠᠮᠠᠳ ᠺᠠᠳ᠋ᠷᠴᠤᠳ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠵᠢᠯᠣᠭᠣᠳᠤᠨ ᠵᠢᠷᠤᠮᠵᠢᠭᠤᠯᠵᠤ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠨᠠᠮ᠎ᠤᠨ ᠡᠭᠦᠷ᠎ᠤᠨ ᠱᠦᠵᠢ᠂ ᠭᠡᠰᠢᠭᠦᠳ᠎ᠤᠨ ᠠᠵᠢᠯ᠎ᠤᠨ ᠨᠥᠬᠥᠪᠦᠷᠢ ᠵᠢᠨ ᠳᠦᠷᠢᠮ᠎ᠢ ᠬᠡᠷᠡᠭᠵᠢᠭᠦᠯᠵᠦ᠂ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠨᠠᠮ᠎ᠤᠨ ᠰᠦᠢ᠍ᠳᠬᠡᠯ᠎ᠢ ᠪᠦᠬᠦᠨ᠎ᠢ ᠠᠬᠠᠮᠠᠳ ᠺᠠᠳ᠋ᠷᠴᠤᠳ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠵᠠᠷᠤᠳᠠᠯ ᠪᠤᠯᠠᠭ᠋ᠠᠨ ᠪᠤᠴᠠᠭ᠋ᠠᠵᠤ᠂ 《ᠸᠢᠴᠠᠲ + ᠲᠠᠯᠠᠪᠤᠷ》᠎ᠢ ᠬᠠᠷᠢᠯᠴᠠᠨ ᠤᠶᠠᠯᠳᠤᠭᠤᠯᠤᠭᠰᠠᠨ ᠨᠠᠮ᠎ᠤᠨ ᠭᠡᠰᠢᠭᠦᠨ᠎ᠤ ᠵᠢᠭᠰᠠᠭ᠋ᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 《ᠲᠠᠪᠤᠨ ᠨᠢᠭᠡ》 ᠵᠢᠨ ᠢᠵᠢ ᠪᠦᠷᠢᠳᠦᠭᠦᠯᠬᠦ ᠪᠠᠢ᠌ᠭᠤᠯᠤᠯᠲᠠ ᠵᠢ ᠪᠡᠶᠡᠯᠡᠭᠦᠯᠪᠡ᠂ ᠲᠤᠬᠠᠢ᠌ᠯᠠᠪᠠᠯ᠄ ᠨᠢᠭᠡ ᠨᠠᠮ᠎ᠤᠨ ᠡᠭᠦᠷ᠎ᠤᠨ ᠵᠢᠷᠭᠢᠶ᠎ᠡ ᠵᠢᠨ ᠪᠦᠯᠦᠭ᠂ ᠨᠢᠭᠡ ᠨᠠᠮ᠎ᠤᠨ ᠭᠡᠰᠢᠭᠦᠨ᠎ᠤ ᠠᠵᠢᠯᠯᠠᠭ᠋ᠠᠨ᠎ᠤ ᠲᠠᠰᠤᠭ᠂ ᠨᠢᠭᠡ ᠨᠠᠮ᠎ᠤᠨ ᠠᠵᠢᠯ᠎ᠢ ᠢᠯᠡ ᠪᠣᠯᠭ᠋ᠠᠬᠤ ᠪᠤᠯᠤᠩ᠂ ᠨᠢᠭᠡ 《ᠨᠠᠮ᠎ᠤᠨ ᠡᠭᠦᠷ᠎ᠤᠨ ᠭᠡᠰᠢᠭᠦᠳ᠎ᠤᠨ ᠤᠳᠤᠷᠢᠳᠬᠤ ᠪᠠᠭ》᠎ᠤᠨ ᠳᠦᠷᠢ ᠲᠥᠷᠬᠦ ᠵᠢᠨ ᠪᠤᠯᠤᠩ᠂ ᠨᠢᠭᠡ ᠢᠵᠢ ᠰᠣᠨᠢᠨ ᠰᠡᠳᠬᠦᠯ ᠪᠠᠢ᠌ᠵᠤ᠂ ᠨᠠᠮ᠎ᠤᠨ ᠡᠭᠦᠷ᠎ᠤᠨ ᠬᠠᠲᠠᠭᠤ ᠲᠣᠨᠣᠭ᠎ᠤᠨ ᠲᠥᠬᠦᠭᠡᠷᠦᠮᠵᠢ ᠪᠠ ᠠᠵᠢᠯᠯᠠᠭ᠋ᠠᠨ᠎ᠤ ᠣᠷᠴᠢᠨ ᠲᠣᠭᠣᠷᠢᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃