ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠠᠯᠠᠱ᠌ᠠ ᠠᠶ᠋ᠢᠮᠠᠭ᠎ᠤᠨ ᠰᠤᠪᠠᠨᠠᠭᠤᠷ᠎ᠤᠨ ᠤᠰᠤᠨ ᠥᠷᠲᠡᠭᠡ ᠵᠢᠴᠢ ᠡᠵᠡᠨ᠎ᠡ ᠬᠥᠭᠥᠷᠭᠡ ᠵᠢᠨ ᠣᠭᠲᠣᠯᠣᠭ᠋ᠠᠰᠤ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠪᠡ
ᠨᠡᠶ᠋ᠢᠲᠡᠯᠡᠭᠰᠡᠨ ᠴᠠᠭ᠄ 2024-05-09

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠠᠰᠤᠭ᠎ᠤᠨ ᠪᠠᠢ᠌ᠴᠠᠭ᠋ᠠᠬᠤ ᠳᠤᠭᠤᠢ᠌ᠯᠠᠩ ᠡᠵᠡᠨ᠎ᠡ ᠬᠥᠭᠥᠷᠭᠡ ᠵᠢᠨ ᠤᠯᠤᠰ᠎ᠤᠨ ᠡᠵᠡᠮᠰᠢᠯ᠎ᠤᠨ ᠣᠭᠲᠣᠯᠣᠭ᠋ᠠᠰᠤ ᠪᠠ ᠰᠤᠪᠠᠨᠠᠭᠤᠷ᠎ᠤᠨ ᠤᠰᠤᠨ᠎ᠤ ᠥᠷᠲᠡᠭᠡ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠪᠡ᠃
      ᠡᠵᠡᠨ᠎ᠡ ᠬᠥᠭᠥᠷᠭᠡ ᠵᠢᠨ ᠤᠯᠤᠰ᠎ᠤᠨ ᠡᠵᠡᠮᠰᠢᠯ᠎ᠤᠨ ᠣᠭᠲᠣᠯᠣᠭ᠋ᠠᠰᠤ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠣᠭᠲᠣᠯᠣᠭ᠋ᠠᠰᠤ ᠵᠢᠨ ᠪᠠᠭ᠋ᠠᠨ᠎ᠠ ᠵᠢ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠵᠤ᠂ ᠭᠣᠣᠯ ᠮᠥᠷᠡᠨ᠎ᠤ ᠤᠰᠤᠨ᠎ᠤ ᠬᠡᠮᠵᠢᠶ᠎ᠡ ᠵᠢᠨ ᠪᠠᠶ᠋ᠢᠳᠠᠯ᠎ᠢ ᠭᠦᠨᠵᠡᠭᠡᠢ ᠣᠢ᠌ᠯᠠᠭ᠋ᠠᠪᠠ᠃ 4 ᠰᠠᠷ᠎ᠠ ᠵᠢᠨ ᠡᠬᠢ᠎ᠪᠠᠷ ᠡᠵᠡᠨ᠎ᠡ ᠬᠥᠭᠥᠷᠭᠡ ᠵᠢᠨ ᠣᠭᠲᠣᠯᠣᠭ᠋ᠠᠰᠤ ᠵᠢᠨ ᠤᠰᠤᠨ᠎ᠤ ᠬᠡᠮᠵᠢᠶ᠎ᠡ ᠬᠦᠷᠦᠯᠴᠡᠬᠦ ᠦᠭᠡᠢ᠎ᠠᠴᠠ ᠪᠣᠯᠵᠤ᠂ ᠲᠦᠷ ᠴᠠᠭ ᠮᠠᠯᠲᠠᠬᠤ ᠪᠠ ᠬᠡᠮᠵᠢᠬᠦ ᠵᠢ ᠰᠠᠯᠭ᠋ᠠᠬᠤ ᠠᠵᠢᠯ᠎ᠢ ᠬᠢᠬᠦ ᠵᠢᠨ ᠠᠷᠭ᠎ᠠ ᠦᠭᠡᠢ ᠪᠣᠯᠤᠭᠰᠠᠨ ᠪᠣᠯᠪᠠᠴᠤ ᠠᠯᠠᠱ᠌ᠠ ᠵᠢᠨ ᠬᠤᠪᠢᠶᠠᠷᠢ ᠥᠷᠲᠡᠭᠡ ᠠᠩᠬ᠎ᠠ ᠤᠳᠠᠭ᠎ᠠ ᠲᠣᠰ ᠲᠥᠷᠥᠯ᠎ᠤᠨ ᠡᠭᠦᠷᠭᠡ ᠵᠢ ᠭᠥᠯᠢᠶᠡᠨ ᠠᠪᠤᠭᠰᠠᠨ ᠪᠠᠶ᠋ᠢᠳᠠᠯ᠎ᠢ ᠪᠣᠳᠣᠯᠬᠢᠯᠠᠭ᠋ᠠᠳ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠮᠠᠯᠲᠠᠬᠤ ᠪᠠ ᠬᠡᠮᠵᠢᠬᠦ ᠵᠢ ᠰᠠᠯᠭ᠋ᠠᠬᠤ ᠪᠥᠬᠥ ᠶᠠᠪᠤᠴᠠ᠂ ᠰᠢᠰᠲ᠋ᠧᠮ᠎ᠲᠠᠢ ᠲᠠᠭᠯᠠᠨ ᠮᠡᠳᠡᠭᠦᠯᠬᠦ ᠠᠷᠭ᠎ᠠ ᠵᠢᠴᠢ ᠠᠩᠬᠠᠷᠬᠤ ᠴᠢᠬᠤᠯᠠᠲᠠᠢ ᠵᠦᠢ᠍ᠯᠡᠰ ᠵᠡᠷᠭᠡ᠎ᠳᠤ ᠲᠤᠬᠠᠢ ᠵᠢᠨ ᠲᠠᠯᠠᠪᠤᠷ᠎ᠤᠨ ᠨᠠᠷᠢᠨ ᠲᠣᠳᠣᠷᠬᠠᠢ ᠵᠢᠯᠣᠭᠣᠳᠤᠯᠭ᠎ᠠ ᠬᠢᠭᠰᠡᠨ ᠪᠠᠢ᠌ᠨ᠎ᠠ᠃
      ᠬᠣᠢ᠌ᠰᠢᠳᠠ ᠵᠢᠨ ᠠᠵᠢᠯ᠎ᠳᠤ ᠴᠢᠭᠯᠡᠭᠦᠯᠦᠨ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠣᠳᠣᠷᠬᠠᠢ ᠱᠠᠭ᠋ᠠᠷᠳᠠᠯᠭ᠎ᠠ ᠳᠤᠷᠠᠳᠪᠠ᠄ ᠠᠯᠠᠱ᠌ᠠ ᠵᠢᠨ ᠬᠤᠪᠢᠶᠠᠷᠢ ᠥᠷᠲᠡᠭᠡ᠎ᠨᠢ 《ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ ᠵᠢᠨ ᠮᠠᠯᠲᠠᠬᠤ ᠪᠠ ᠬᠡᠮᠵᠢᠬᠦ ᠵᠢ ᠰᠠᠯᠭ᠋ᠠᠬᠤ ᠬᠠᠮᠢᠶᠠᠷᠤᠯᠲᠠ ᠵᠢᠨ ᠠᠷᠭ᠎ᠠ》 ᠵᠢ ᠭᠦᠨᠵᠡᠭᠡᠢ ᠰᠤᠷᠤᠯᠴᠠᠬᠤ ᠵᠢᠨ ᠬᠠᠮᠲᠤ ᠥᠪᠡᠰᠦᠪᠡᠨ ᠴᠤᠭᠯᠠᠭᠤᠯᠵᠤ ᠥᠪᠡᠰᠦᠪᠡᠨ ᠬᠡᠮᠵᠢᠬᠦ ᠲᠥᠰᠥᠯ ᠵᠢᠴᠢ ᠬᠣᠯᠪᠣᠭᠳᠠᠯ ᠪᠦᠬᠦᠢ ᠠᠵᠢᠯ᠎ᠤᠨ ᠶᠠᠪᠤᠴᠠ ᠵᠢ ᠲᠦᠷᠭᠡᠨ ᠣᠢ᠌ᠯᠠᠭ᠋ᠠᠵᠤ᠂ ᠰᠢᠰᠲ᠋ᠧᠮ᠎ᠲᠠᠢ ᠠᠵᠢᠯᠯᠠᠬᠤ ᠠᠷᠭ᠎ᠠ ᠵᠢ ᠪᠣᠯᠪᠠᠰᠤᠷᠠᠩᠭᠤᠢ ᠡᠵᠡᠮᠰᠢᠬᠦ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠤ ᠬᠠᠮᠲᠤ᠂ 《ᠤᠯᠤᠰ᠎ᠤᠨ ᠭᠠᠵᠠᠷ ᠳᠡᠭᠡᠷᠡᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠰᠦᠯᠵᠢᠶ᠎ᠡ ᠵᠢᠨ ᠬᠢᠨᠠᠨ ᠬᠡᠮᠵᠢᠬᠦ ᠡᠭᠦᠷᠭᠡ ᠵᠢᠨ ᠠᠵᠢᠯ᠎ᠤᠨ ᠵᠢᠯᠤᠭᠣᠳᠬᠤ ᠪᠢᠴᠢᠭ (ᠲᠤᠷᠰᠢᠨ ᠬᠡᠷᠡᠭᠵᠢᠭᠦᠯᠬᠦ)》 ᠵᠢᠴᠢ ᠪᠤᠰᠤᠳ ᠬᠠᠮᠢᠶ᠎ᠠ ᠪᠦᠬᠦᠢ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ ᠪᠠ ᠮᠡᠷᠭᠡᠵᠢᠯ᠎ᠤᠨ ᠵᠢᠯᠤᠭᠣᠳᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠡᠭᠦᠨ᠎ᠤ ᠤᠯᠠᠮ ᠵᠶ᠋ᠠᠷ ᠥᠯᠢᠭᠡᠷ ᠡᠳ᠋ ᠴᠤᠭᠯᠠᠭᠤᠯᠬᠤ᠂ ᠲᠡᠭᠡᠭᠡᠪᠦᠷᠢᠯᠡᠬᠦ᠎ᠠᠴᠠ ᠲᠤᠬᠠᠢ ᠵᠢᠨ ᠲᠠᠯᠠᠪᠠᠶ ᠵᠢᠴᠢ ᠲᠤᠷᠰᠢᠯᠲᠠ ᠵᠢᠨ ᠲᠠᠰᠤᠭ᠎ᠲᠤ ᠵᠠᠳᠠᠯᠤᠯᠲᠠ ᠬᠢᠬᠦ ᠬᠦᠷᠲᠡᠯᠡᠬᠢ ᠪᠥᠬᠥ ᠶᠠᠪᠤᠴᠠ ᠵᠢᠨ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠵᠤ᠂ ᠲᠣᠭ᠎ᠠ ᠪᠠᠷᠢᠮᠲᠠ ᠵᠢᠨ ᠬᠢᠨᠠᠨ ᠬᠠᠷᠭᠤᠭᠤᠯᠤᠯᠲᠠ ᠵᠢ ᠴᠢᠩᠭ᠋ᠠᠳᠬᠠᠬᠤ ᠬᠡᠷᠡᠭᠲᠡᠶ ᠭᠡᠪᠡ᠃ ᠡᠭᠦᠨ᠎ᠠᠴᠠ ᠭᠠᠳᠠᠨ᠎ᠠ᠂ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠶ᠃ ᠥᠯᠢᠭᠡᠷ ᠡᠳ᠋ ᠠᠪᠬᠤ ᠵᠠᠢ᠎ᠨᠢ ᠨᠡᠯᠢᠶᠡᠳ ᠬᠣᠯᠠ ᠪᠠᠶ᠋ᠢᠬᠤ ᠬᠦᠴᠢᠷᠳᠡᠯ᠎ᠢ ᠴᠢᠷᠮᠠᠢ᠌ᠨ ᠢᠯᠠᠨ ᠳᠠᠪᠠᠵᠤ᠂ ᠬᠦᠴᠦᠨ᠎ᠲᠠᠢ ᠬᠤᠭᠤᠴᠠᠭ᠎ᠠ ᠵᠢᠨ ᠱᠠᠭ᠋ᠠᠷᠳᠠᠯᠭ᠎ᠠ ᠥᠨᠳᠥᠷ ᠳᠦᠷᠦᠯ ᠵᠦᠢ᠍ᠯ᠎ᠳᠤ ᠴᠠᠭ ᠲᠤᠬᠠᠢ᠎ᠳᠤᠨᠢ ᠵᠠᠳᠠᠯᠤᠯᠲᠠ ᠬᠢᠬᠦ ᠵᠢᠨ ᠬᠠᠮᠲᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠨ ᠳᠡᠭᠡᠭᠰᠢ ᠮᠡᠳᠡᠭᠦᠯᠬᠦ ᠵᠢ ᠦᠨᠡᠨ ᠬᠦ᠌ ᠪᠠᠲᠤᠯᠠᠵᠤ᠂ ᠡᠭᠦᠨ᠎ᠤ ᠤᠯᠠᠮ᠎ᠠᠴᠠ ᠲᠣᠭ᠎ᠠ ᠪᠠᠷᠢᠮᠲᠠ ᠵᠢᠨ ᠬᠤᠭᠤᠴᠠᠭ᠋ᠠᠲᠤ ᠴᠢᠨᠠᠷ ᠪᠠ ᠪᠦᠷᠢᠨ ᠪᠦᠲᠦᠨ ᠴᠢᠨᠠᠷ᠎ᠢ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
      ᠰᠤᠪᠠᠨᠠᠭ᠋ᠠᠤᠷ ᠤᠰᠤᠨ᠎ᠤ ᠥᠷᠲᠡᠭᠡ᠎ᠳᠤ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠠᠵᠢᠯᠯᠠᠭᠤᠯᠵᠤ ᠬᠠᠮᠠᠭ᠋ᠠᠯᠠᠬᠤ ᠠᠵᠢᠯᠲᠠᠨ᠎ᠤ ᠬᠢᠷᠢ ᠬᠡᠮ᠂ ᠬᠡᠮᠵᠢᠭᠦᠷᠯᠢᠭ᠎ᠤᠨ ᠬᠡᠷᠡᠭᠯᠡᠯᠲᠡ ᠵᠢᠨ ᠪᠠᠶ᠋ᠢᠳᠠᠯ ᠵᠡᠷᠭᠡ ᠮᠠᠲ᠋ᠧᠷᠢᠶᠠᠯ᠎ᠢ ᠨᠠᠷᠢᠨ ᠨᠢᠮᠪᠠᠢ ᠪᠠᠢ᠌ᠴᠠᠭ᠋ᠠᠨ ᠦᠵᠡᠪᠡ᠃ ᠤᠰᠤᠨ ᠥᠷᠲᠡᠭᠡᠨ᠎ᠤ ᠠᠵᠢᠯᠯᠠᠭ᠋ᠠᠨ᠎ᠤ ᠶᠠᠰᠤ ᠴᠢᠨᠠᠷ᠎ᠢ ᠪᠠᠲᠤᠯᠠᠬᠤ ᠵᠢᠨ ᠲᠥᠯᠥᠭᠡ᠂ ᠭᠤᠷᠪᠠᠳᠠᠭᠢ ᠡᠲᠡᠭᠡᠳ᠎ᠤᠨ ᠠᠵᠢᠯᠯᠠᠭᠤᠯᠵᠤ ᠬᠠᠮᠠᠭ᠋ᠠᠯᠠᠬᠤ ᠨᠢᠭᠡᠴᠢ ᠥᠯᠢᠭᠡᠷ ᠠᠪᠬᠤ ᠰᠢᠯᠭ᠋ᠠᠯᠲᠠ ᠬᠢᠵᠦ᠂ ᠲᠡᠭᠦᠨ᠎ᠤ ᠥᠯᠢᠭᠡᠷ ᠠᠪᠬᠤ ᠪᠠ ᠵᠠᠳᠠᠯᠤᠯᠲᠠ ᠬᠢᠬᠦ ᠴᠢᠳᠠᠪᠤᠷᠢ᠎ᠳᠤ ᠲᠤᠬᠠᠢ ᠵᠢᠨ ᠲᠠᠯᠠᠪᠤᠷ᠎ᠤᠨ ᠦᠨᠡᠯᠡᠯᠲᠡ ᠬᠢᠵᠡᠢ᠃ ᠡᠭᠦᠨ᠎ᠤ ᠬᠠᠮᠲᠤ᠂ ᠤᠰᠤᠨ ᠥᠷᠲᠡᠭᠡᠨ᠎ᠤ ᠪᠠᠶ᠋ᠢᠳᠠᠯ᠂ ᠥᠯᠢᠭᠡᠷ ᠠᠪᠬᠤ ᠰᠢᠰᠲ᠋ᠧᠮ᠎ᠢ ᠭᠦᠨᠵᠡᠭᠡᠢ ᠣᠢ᠌ᠯᠠᠭ᠋ᠠᠭᠰᠠᠨ ᠪᠥᠭᠡᠳ ᠤᠰᠤᠨ ᠥᠷᠲᠡᠭᠡᠨ᠎ᠤ ᠠᠵᠢᠯᠯᠠᠭᠤᠯᠵᠤ ᠬᠠᠮᠠᠭ᠋ᠠᠯᠠᠬᠤ ᠠᠵᠢᠯ᠎ᠳᠤ ᠴᠢᠭᠯᠡᠭᠦᠯᠦᠨ ᠨᠠᠩ ᠪᠣᠳᠠᠲᠠᠢ ᠱᠠᠭ᠋ᠠᠷᠳᠠᠯᠭ᠎ᠠ ᠳᠤᠷᠠᠳᠴᠠᠢ᠃
      ᠪᠠᠢ᠌ᠴᠠᠭ᠋ᠠᠬᠤ ᠳᠤᠭᠤᠢ᠌ᠯᠠᠩ᠎ᠤᠨ᠎ᠬᠢᠨ᠂ ᠭᠤᠷᠪᠠᠳᠠᠭᠢ ᠡᠲᠡᠭᠡᠳ᠎ᠤᠨ ᠠᠵᠢᠯᠯᠠᠭᠤᠯᠵᠤ ᠬᠠᠮᠠᠭ᠋ᠠᠯᠠᠬᠤ ᠨᠢᠭᠡᠴᠢ᠎ᠨᠢ ᠵᠠᠭᠪᠤᠷ ᠠᠪᠬᠤ ᠠᠦ᠋ᠲ᠋ᠣ᠋ ᠰᠢᠰᠲ᠋ᠧᠮ᠎ᠢ ᠲᠦᠷᠭᠡᠬᠡᠨ ᠵᠠᠰᠠᠨ ᠰᠡᠷᠭᠦᠭᠡᠬᠦ ᠬᠡᠷᠡᠭᠲᠡᠶ ᠪᠥᠭᠡᠳ ᠲᠡᠭᠦᠯᠳᠡᠷᠵᠢᠭᠦᠯᠵᠦ᠂ ᠤᠰᠤᠨ ᠥᠷᠲᠡᠭᠡᠨ᠎ᠤ ᠠᠦ᠋ᠲ᠋ᠣ᠋ ᠵᠠᠭᠪᠤᠷ ᠠᠪᠬᠤ᠂ ᠠᠦ᠋ᠲ᠋ᠣ᠋ ᠲᠣᠭ᠎ᠠ ᠪᠠᠷᠢᠮᠲᠠ ᠵᠢ ᠵᠠᠳᠠᠯᠬᠤ ᠪᠠ ᠲᠣᠭ᠎ᠠ ᠪᠠᠷᠢᠮᠲᠠ ᠵᠢ ᠳᠠᠮᠵᠢᠭᠤᠯᠬᠤ ᠴᠢᠳᠠᠮᠵᠢ ᠵᠢ ᠦᠨᠡᠨ ᠬᠦ᠌ ᠪᠠᠲᠤᠯᠠᠵᠤ᠂ ᠡᠭᠦᠨ᠎ᠤ ᠤᠯᠠᠮ ᠵᠶ᠋ᠠᠷ ᠤᠰᠤᠨ ᠥᠷᠲᠡᠭᠡᠨ᠎ᠤ ᠠᠵᠢᠯᠯᠠᠭ᠋ᠠᠨ᠎ᠤ ᠣᠨᠣᠪᠴᠢᠲᠤ ᠴᠢᠨᠠᠷ ᠪᠠ ᠬᠤᠭᠤᠴᠠᠭ᠋ᠠᠲᠤ ᠴᠢᠨᠠᠷ᠎ᠢ ᠪᠠᠲᠤᠯᠠᠬᠤ ᠬᠡᠷᠡᠭᠲᠡᠶ᠃ ᠡᠭᠦᠨ᠎ᠤ ᠵᠡᠷᠭᠡ᠎ᠪᠠᠷ᠂ ᠬᠠᠶᠠᠭᠳᠠᠮᠠᠯ ᠰᠢᠩᠭᠡᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠬᠠᠶᠠᠭᠳᠠᠮᠠᠯ ᠰᠢᠩᠭᠡᠨ᠎ᠢ ᠵᠣᠬᠢᠬᠤ ᠬᠢᠷᠢ ᠬᠡᠮ᠎ᠲᠠᠢ ᠨᠢᠭᠡᠴᠢ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠢᠶᠠᠨ ᠥᠭᠴᠦ ᠰᠢᠢ᠍ᠳᠪᠦᠷᠢᠯᠡᠭᠦᠯᠬᠦ ᠵᠢ ᠦᠨᠡᠨ ᠬᠦ᠌ ᠪᠠᠲᠤᠯᠠᠵᠤ᠂ ᠡᠭᠦᠨ᠎ᠤ ᠤᠯᠠᠮ᠎ᠠᠴᠠ ᠣᠷᠴᠢᠨ ᠲᠣᠭᠣᠷᠢᠨ᠎ᠤ ᠪᠣᠬᠢᠷᠲᠤᠯ᠎ᠢ ᠪᠠᠭ᠋ᠠᠰᠬᠠᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠭᠤᠷᠪᠠᠳᠠᠭᠢ ᠡᠲᠡᠭᠡᠳ᠎ᠠᠴᠠ ᠪᠠᠰᠠ ᠤᠰᠤᠨ᠎ᠤ ᠬᠥᠭᠵᠢᠯᠲᠡ ᠵᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠎ᠳᠤ ᠬᠡᠷᠡᠭᠯᠡᠬᠦ ᠵᠠᠮᠠᠭ᠎ᠤᠨ ᠨᠢᠭᠲᠠᠴᠠ ᠪᠠ ᠨᠠᠪᠴᠢᠨ᠎ᠤ ᠨᠣᠭᠣᠭ᠋ᠠᠨ ᠡᠳ᠋ A ᠵᠢᠨ ᠠᠪᠴᠤ ᠶᠠᠪᠤᠬᠤ᠎ᠳᠤ ᠲᠥᠬᠥᠮ ᠬᠡᠯᠪᠡᠷᠢ ᠵᠢᠨ ᠬᠢᠨᠠᠨ ᠬᠡᠮᠵᠢᠬᠦ ᠬᠡᠮᠵᠢᠭᠦᠷᠯᠢᠭ᠎ᠢ ᠲᠣᠬᠢᠷᠠᠭᠤᠯᠵᠤ᠂ ᠤᠷᠢᠳᠴᠢᠯᠠᠨ ᠰᠡᠷᠡᠮᠵᠢᠬᠦᠯᠬᠦ ᠵᠢᠨ ᠣᠨᠣᠪᠴᠢᠲᠤ ᠴᠢᠨᠠᠷ ᠪᠠ ᠬᠢᠨᠠᠨ ᠬᠡᠮᠵᠢᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃ ᠰᠢᠨ᠎ᠡ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠬᠥᠮᠥᠰ᠎ᠢ ᠤᠰᠤᠨ ᠥᠷᠲᠡᠭᠡᠨ᠎ᠤ ᠠᠵᠢᠯᠯᠠᠭᠤᠯᠵᠤ ᠬᠠᠮᠠᠭ᠋ᠠᠯᠠᠬᠤ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠪᠣᠯᠪᠠᠰᠤᠷᠠᠯ᠎ᠳᠤ ᠠᠯᠢ ᠲᠦᠷᠭᠡᠨ ᠵᠶ᠋ᠡᠷ ᠣᠷᠣᠯᠴᠠᠭᠤᠯᠵᠤ᠂ ᠲᠡᠳᠡᠨ᠎ᠤ ᠲᠤᠰᠬᠠᠢ ᠮᠡᠷᠭᠡᠵᠢᠯ᠎ᠤᠨ ᠤᠷ᠎ᠠ ᠴᠢᠳᠠᠪᠤᠷᠢ ᠪᠠ ᠠᠵᠢᠯᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠬᠠᠮᠤᠭ ᠰᠡᠭᠦᠯ᠎ᠳᠤ᠂ ᠪᠠᠢ᠌ᠴᠠᠭ᠋ᠠᠬᠤ ᠳᠤᠭᠤᠢ᠌ᠯᠠᠩ᠎ᠠᠴᠠ ᠠᠯᠠᠱ᠌ᠠ ᠵᠢᠨ ᠬᠤᠪᠢᠶᠠᠷᠢ ᠥᠷᠲᠡᠭᠡ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠤᠰᠤᠨ᠎ᠤ ᠥᠯᠢᠭᠡᠷ᠎ᠢ ᠬᠠᠷᠢᠴᠠᠭᠤᠯᠬᠤ ᠠᠵᠢᠯ᠎ᠢ ᠥᠷᠨᠢᠭᠦᠯᠵᠦ᠂ ᠤᠰᠤᠨ᠎ᠤ ᠥᠷᠲᠡᠭᠡ ᠵᠢᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ᠎ᠢ ᠪᠠᠲᠤᠯᠠᠬᠤ ᠵᠢᠨ ᠬᠠᠮᠲᠤ ᠰᠠᠷ᠎ᠠ᠎ᠪᠠᠷ ᠥᠷᠲᠡᠭᠡ ᠵᠢᠨ ᠭᠡᠷ᠎ᠢ ᠬᠢᠨᠠᠨ ᠪᠠᠢ᠌ᠴᠠᠭ᠋ᠠᠵᠤ᠂ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ᠎ᠳᠤᠨᠢ ᠴᠡᠭᠴᠡᠯᠡᠨ ᠰᠠᠢ᠌ᠵᠢᠷᠠᠭᠤᠯᠵᠤ᠂ ᠡᠭᠦᠨ᠎ᠤ ᠤᠯᠠᠮ᠎ᠠᠴᠠ ᠤᠰᠤᠨ᠎ᠤ ᠥᠷᠲᠡᠭᠡ ᠵᠢᠨ ᠬᠡᠪ᠎ᠤᠨ ᠠᠵᠢᠯᠯᠠᠭ᠎ᠠ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠮᠠᠯᠲᠠᠬᠤ ᠪᠠ ᠬᠡᠮᠵᠢᠬᠦ ᠵᠢ ᠰᠠᠯᠭ᠋ᠠᠬᠤ ᠠᠵᠢᠯ᠎ᠢ ᠪᠦᠲᠦᠮᠵᠢᠲᠡᠢ ᠬᠡᠷᠡᠭᠵᠢᠭᠦᠯᠬᠦ ᠵᠢᠴᠢ ᠰᠤᠪᠠᠨᠠᠭᠤᠷ᠎ᠤᠨ ᠤᠰᠤᠨ᠎ᠤ ᠥᠷᠲᠡᠭᠡ ᠵᠢᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠠᠯᠠᠱ᠌ᠠ ᠵᠢᠨ ᠬᠤᠪᠢᠶᠠᠷᠢ ᠥᠷᠲᠡᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ ᠨᠠᠷᠢᠨ ᠲᠣᠳᠣᠷᠬᠠᠢ ᠬᠡᠷᠡᠭᠵᠢᠭᠦᠯᠬᠦ ᠲᠥᠰᠥᠯ ᠲᠣᠭᠲᠠᠭ᠋ᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠭ᠋ᠠᠳ᠂ ᠡᠯ᠎ᠡ ᠵᠦᠢ᠍ᠯ᠎ᠤᠨ ᠠᠵᠢᠯ᠎ᠢ ᠡᠮᠬᠢ ᠵᠢᠷᠤᠮ᠎ᠲᠠᠢ ᠠᠬᠢᠭᠤᠯᠬᠤ ᠵᠢ ᠦᠨᠡᠨ ᠬᠦ᠌ ᠪᠠᠲᠤᠯᠠᠵᠠᠢ᠃ ᠡᠭᠦᠨ᠎ᠤ ᠬᠠᠮᠲᠤ᠂ ᠪᠠᠰᠠ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠂ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠭᠦᠨᠵᠡᠭᠡᠢ᠌ᠷᠡᠨ ᠶᠠᠪᠤᠭᠳᠠᠬᠤ ᠵᠢ ᠬᠠᠮᠲᠤᠪᠠᠷ ᠠᠬᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠥᠪ ᠪᠣᠯᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ ᠳᠦᠷᠦᠯ ᠵᠦᠢ᠍ᠯ᠎ᠤᠨ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠪᠠ
《ᠭᠤᠷᠪᠠᠨ ᠱᠠᠲᠤ᠎ᠪᠠᠷ ᠬᠣᠯᠪᠤᠭ᠋ᠠᠯᠠᠨ ᠬᠥᠳᠡᠯᠦᠯᠴᠡᠵᠦ ᠬᠠᠮᠲᠤᠪᠠᠷ ᠬᠦᠴᠦᠯᠡᠵᠦ ᠤᠯᠤᠰ᠎ᠤᠨ ᠠᠮᠤᠷ ᠲᠦᠪᠰᠢᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ᠎ᠠ》 — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠴᠥᠮ᠎ᠡ ᠵᠢᠨ ᠠᠮᠤᠷ ᠲᠦᠪᠰᠢᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠰᠠᠭᠤᠷᠢᠨ᠎ᠳᠤ ᠭᠦᠨᠵᠡᠭᠡᠢ᠌ᠷᠡᠵᠦ ᠴᠥᠮ᠎ᠡ ᠵᠢᠨ ᠠᠮᠤᠷ ᠲᠦᠪᠰᠢᠨ᠎ᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ 《ᠤᠯᠠᠨ ᠤᠯᠤᠰ᠎ᠤᠨ ᠬᠠᠶᠠᠭᠳᠠᠮᠠᠯ ᠪᠣᠳᠠᠰ ᠦᠭᠡᠢ ᠡᠳᠦᠷ》᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠴᠡᠭᠡ ᠪᠣᠭᠣᠮᠲᠠ ᠵᠢᠨ ᠠᠮᠢ ᠠᠬᠤᠢ ᠣᠷᠴᠢᠨ ᠲᠣᠭᠣᠷᠢᠨ᠎ᠤ ᠠᠵᠢᠯ᠎ᠤᠨ ᠥᠷᠲᠡᠭᠡ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠎ᠤᠨ ᠤᠬᠠᠭᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠬᠠᠮᠲᠤᠷᠠᠭᠰᠠᠨ ᠳᠤᠭᠤᠢ᠌ᠯᠠᠩ ᠬᠥᠬᠡᠬᠣᠲᠠ ᠵᠢᠨ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠪᠠᠢ᠌ᠴᠠᠭ᠋ᠠᠨ ᠰᠤᠳᠤᠯᠤᠯᠲᠠ ᠬᠢᠪᠡ
 
             蒙ICP备05000248号