(ᠨᠢᠭᠡ) ᠠᠭᠤᠯᠠ ᠤᠰᠤ ᠣᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠬᠦ ᠲᠠᠯ᠎ᠠ᠎ᠪᠠᠷ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ 《ᠶᠡᠬᠡ ᠲᠣᠬᠣᠢ ᠵᠢᠨ ᠬᠡᠰᠡᠭ᠎ᠤᠨ ᠮᠤᠷᠤᠢ᠌ᠯᠲᠠ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠤᠢ ᠰᠢᠭᠤᠢ ᠡᠪᠡᠰᠦ ᠪᠡᠯᠴᠢᠭᠡᠷ᠎ᠤᠨ ᠶᠡᠷᠦᠩᠬᠡᠢ᠌ᠯᠡᠭᠰᠡᠨ ᠠᠮᠢ ᠠᠬᠤᠢ ᠵᠢᠨ ᠵᠠᠰᠠᠯᠲᠠ ᠵᠢ 260 ᠲᠦᠮᠡᠨ ᠮᠦ᠍ ᠬᠡᠷᠡᠭᠵᠢᠭᠦᠯᠪᠡ; ᠪᠡᠯᠴᠢᠭᠡᠷᠯᠡᠭᠦᠯᠬᠦ ᠵᠢ ᠴᠠᠭ᠋ᠠᠵᠠᠯᠠᠵᠤ ᠪᠡᠯᠴᠢᠭᠡᠷ᠎ᠢ ᠰᠡᠷᠭᠦᠭᠡᠬᠦ᠂ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠢ᠌ᠯᠭ᠋ᠠᠬᠤ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠪᠡᠯᠴᠢᠭᠡᠷ ᠮᠠᠯ᠎ᠢ ᠲᠡᠩᠴᠡᠭᠦᠷᠢ᠎ᠲᠠᠢ ᠪᠠᠢ᠌ᠯᠭ᠋ᠠᠬᠤ ᠵᠢᠱ᠌ᠢᠶ᠎ᠡ ᠦᠵᠡᠭᠦᠯᠬᠦ ᠴᠡᠭ᠎ᠤᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠦᠨ᠂ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠪᠠ; ᠮᠠᠭᠤᠳᠠᠭᠰᠠᠨ ᠲᠠᠷᠢᠶᠠᠨ ᠭᠠᠵᠠᠷ᠎ᠢ ᠵᠠᠰᠠᠬᠤ ᠪᠠ ᠬᠤᠵᠢᠷᠰᠢᠭᠰᠠᠨ ᠲᠠᠷᠢᠶᠠᠨ ᠭᠠᠵᠠᠷ᠎ᠢ ᠶᠡᠷᠦᠩᠬᠡᠢ᠌ᠯᠡᠨ ᠠᠰᠢᠭᠯᠠᠬᠤ ᠡᠷᠴᠢᠮ᠎ᠢ ᠴᠢᠩᠭ᠋ᠠᠷᠠᠭᠤᠯᠵᠤ᠂ 1 ᠲᠦᠮᠡᠨ ᠮᠦ᠍ ᠬᠤᠵᠢᠷᠯᠢᠭ ᠭᠠᠵᠠᠷ᠎ᠢ ᠶᠡᠷᠦᠩᠬᠡᠢ᠌ᠯᠡᠨ ᠠᠰᠢᠭᠯᠠᠬᠤ ᠵᠢ ᠬᠡᠷᠡᠭᠵᠢᠭᠦᠯᠪᠡ; ᠬᠥᠷᠥᠰᠥ ᠰᠢᠷᠣᠢ ᠵᠢ ᠬᠠᠮᠠᠭ᠋ᠠᠯᠠᠬᠤ ᠠᠵᠢᠯ᠎ᠢ ᠢᠳᠡᠪᠬᠢᠲᠡᠢ ᠠᠬᠢᠭᠤᠯᠵᠤ᠂ ᠴᠢᠩᠱ᠌ᠠᠨ ᠲᠣᠭᠣᠷᠢᠭ᠎ᠤᠨ ᠪᠧᠨ ᠪᠠ ᠭᠧᠦ᠂ ᠵᠢᠦ ᠶᠤᠸᠠᠨ ᠲᠣᠭᠣᠷᠢᠭ᠎ᠤᠨ ᠪᠠᠢ ᠱ᠌ᠢ ᠲᠧᠦ ᠭᠧᠦ ᠵᠡᠷᠭᠡ ᠬᠥᠷᠥᠰᠥ ᠰᠢᠷᠣᠢ ᠵᠢ ᠬᠠᠮᠠᠭ᠋ᠠᠯᠠᠬᠤ 6 ᠭᠣᠣᠯᠳᠠᠯᠭ᠎ᠠ᠎ᠲᠠᠢ ᠢᠨᠵᠧᠨᠧᠷᠢᠩ᠎ᠤᠨ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠲᠥᠷᠥᠯ ᠵᠦᠢ᠍ᠯ᠎ᠢ ᠬᠡᠷᠡᠭᠵᠢᠭᠦᠯᠪᠡ; ᠨᠤᠭᠤ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠢ ᠴᠢᠩᠭ᠋ᠠᠳᠬᠠᠵᠤ᠂ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠵᠦ᠂ ᠬᠠᠲᠤᠨ ᠭᠣᠣᠯ᠎ᠤᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ ᠵᠡᠷᠭᠡ ᠨᠤᠭᠤ ᠭᠠᠵᠠᠷ᠎ᠤᠨ ᠬᠠᠮᠠᠭ᠋ᠠᠯᠠᠯᠲᠠ ᠵᠢᠨ ᠳᠦᠷᠦᠯ ᠵᠦᠢ᠍ᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠪᠡ; ᠪᠥᠬᠥ ᠬᠣᠲᠠ ᠵᠢᠨ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠢ ᠡᠮᠬᠢᠯᠡᠨ ᠨᠡᠢ᠌ᠯᠡᠭᠦᠯᠵᠦ ᠰᠢᠯᠢᠳᠡᠭᠵᠢᠭᠦᠯᠦᠨ᠂ ᠴᠢᠬᠤᠯᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠵᠠᠭ᠋ᠠᠭ᠎ᠢ ᠬᠠᠶ᠋ᠢᠵᠤ ᠪᠠᠷᠢᠮᠵᠢᠶ᠎ᠠ ᠲᠣᠭᠲᠠᠭ᠋ᠠᠬᠤ ᠠᠵᠢᠯ᠎ᠢ ᠥᠷᠨᠢᠭᠦᠯᠪᠡ᠃
(ᠬᠣᠶᠠᠷ) ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ ᠪᠣᠬᠢᠷᠲᠤᠯ ᠦᠭᠡᠢ ᠪᠣᠯᠭ᠋ᠠᠨ ᠬᠡᠯᠪᠡᠷᠢ᠎ᠪᠠᠨ ᠬᠤᠪᠢᠷᠠᠭᠤᠯᠬᠤ ᠵᠢ ᠭᠦᠨᠵᠡᠭᠡᠢ ᠠᠬᠢᠭᠤᠯᠪᠠ᠃ ᠳᠠᠷᠬᠠᠨ ᠮᠤᠤᠮᠢᠩᠭ᠋ᠠᠨ᠎ᠤ ᠨᠠᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠂ ᠪᠤᠭᠤᠲᠤ ᠵᠢᠨ ᠬᠥᠩᠭᠡᠨᠴᠠᠭ᠋ᠠᠨ᠎ᠤ ᠦᠢ᠍ᠯᠡᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠲᠣᠭ᠋ᠠᠵᠢᠭᠤᠯᠬᠤ ᠲᠥᠷᠥᠯ ᠵᠦᠢ᠍ᠯ 100᠂ ᠠᠵᠤ ᠦᠢ᠍ᠯᠡᠳᠪᠦᠷᠢ ᠵᠢᠨ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ 25 ᠵᠢ ᠬᠡᠷᠡᠭᠵᠢᠭᠦᠯᠪᠡ; ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠦᠢ᠍ᠯᠡᠳᠬᠦ ᠰᠢᠰᠲ᠋ᠧᠮ᠎ᠤᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ 2024 ᠣᠨ᠎ᠳᠤ ᠪᠣᠬᠢᠷᠲᠤᠯ ᠦᠭᠡᠢ ᠬᠦᠷᠢᠶᠡᠯᠡᠩ ᠲᠣᠭᠣᠷᠢᠭ᠂ ᠪᠣᠬᠢᠷᠲᠤᠯ ᠦᠭᠡᠢ ᠦᠢ᠍ᠯᠡᠳᠪᠦᠷᠢ 5 ᠰᠢᠨ᠎ᠡ᠎ᠪᠠᠷ ᠨᠡᠮᠡᠭᠳᠡᠪᠡ; ᠲᠡᠦᠬᠡ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠠᠮᠢ ᠠᠬᠤᠢ ᠵᠢ ᠰᠡᠷᠭᠦᠭᠡᠨ ᠵᠠᠰᠠᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠢᠳᠡᠪᠬᠢᠯᠡᠨ ᠣᠯᠵᠤ᠂ ᠲᠡᠦᠬᠡ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠠᠮᠢ ᠠᠬᠤᠢ ᠵᠢ ᠰᠡᠷᠭᠦᠭᠡᠨ ᠵᠠᠰᠠᠬᠤ ᠵᠢ 4.5 ᠲᠡᠭᠰᠢ ᠳᠥᠷᠪᠡᠯᠵᠢᠨ ᠺᠢᠯᠣᠮᠧᠲᠷ ᠪᠠ ᠦᠨᠡᠮᠯᠡᠯ᠎ᠲᠠᠢ ᠠᠭᠤᠷᠬᠠᠢ ᠵᠢ ᠰᠡᠷᠭᠦᠭᠡᠨ ᠵᠠᠰᠠᠬᠤ ᠵᠢ 2 ᠲᠡᠭᠰᠢ ᠳᠥᠷᠪᠡᠯᠵᠢᠨ ᠺᠢᠯᠣᠮᠧᠲᠷ ᠡᠭᠦᠷᠭᠡ ᠵᠢ ᠪᠡᠶᠡᠯᠡᠭᠦᠯᠪᠡ; ᠦᠯᠡᠳᠡᠭᠡᠭᠰᠡᠨ ᠬᠡᠷᠡᠭᠯᠡᠭᠡᠨ᠎ᠤ ᠭᠠᠵᠠᠷ ᠰᠢᠷᠣᠢ ᠵᠢ ᠠᠮᠢᠳᠤᠯᠢᠭ ᠪᠣᠯᠭ᠋ᠠᠵᠤ᠂ ᠭᠠᠵᠠᠷ ᠰᠢᠷᠣᠢ ᠵᠢ ᠥᠨᠳᠥᠷ ᠪᠦᠲᠦᠮᠵᠢᠲᠡᠢ ᠠᠰᠢᠭᠯᠠᠬᠤ ᠵᠢ ᠠᠬᠢᠭᠤᠯᠵᠤ᠂ ᠵᠢᠯ᠎ᠤᠨ ᠳᠣᠲᠣᠷ᠎ᠠ ᠵᠥᠪᠰᠢᠶᠡᠷᠡᠭᠰᠡᠨ ᠪᠣᠯᠪᠠᠴᠤ ᠬᠠᠩᠭ᠋ᠠᠭᠰᠠᠨ ᠦᠭᠡᠢ 1.98 ᠲᠦᠮᠡᠨ ᠮᠦ᠍ ᠭᠠᠵᠠᠷ ᠰᠢᠷᠣᠢ ᠵᠢ ᠰᠢᠩᠭᠡᠭᠡᠵᠦ ᠠᠰᠢᠭᠯᠠᠨ᠂ 525 ᠮᠦ᠍ ᠰᠤᠯᠠ ᠪᠠᠶ᠋ᠢᠬᠤ ᠭᠠᠵᠠᠷ ᠰᠢᠷᠣᠢ ᠵᠢ ᠰᠢᠢ᠍ᠳᠪᠦᠷᠢᠯᠡᠪᠡ; ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠬᠤᠳᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠠᠵᠢᠯ᠎ᠢ ᠴᠢᠩᠭ᠋ᠠᠳᠬᠠᠵᠤ᠂ ᠵᠢᠯ᠎ᠤᠨ ᠳᠣᠲᠣᠷ᠎ᠠ ᠨᠠᠢ᠌ᠳᠠ 2000 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠤᠰᠤ ᠠᠷᠪᠢᠯᠠᠪᠠ᠂ ᠳᠠᠬᠢᠯᠲᠠ ᠤᠰᠤᠨ᠎ᠤ ᠲᠤᠷᠰᠢᠯᠲᠠ ᠵᠢᠨ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠳᠠᠬᠢᠯᠲᠠ ᠤᠰᠤᠨ᠎ᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ 16 ᠳᠦᠷᠦᠯ ᠵᠦᠢ᠍ᠯ᠎ᠢ ᠲᠦᠷᠭᠡᠪᠴᠢᠯᠡᠨ ᠬᠡᠷᠡᠭᠵᠢᠭᠦᠯᠵᠦ᠂ ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠴᠢᠳᠠᠪᠤᠷᠢ ᠵᠢ 4500 ᠲᠦᠮᠡᠨ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠠᠷ ᠨᠡᠮᠡᠭᠳᠡᠭᠦᠯᠪᠡ᠃
(ᠭᠤᠷᠪᠠ) ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠬᠦ ᠬᠡᠷᠡᠭᠲᠡᠢ᠃ ᠠᠭ᠋ᠠᠷ ᠮᠠᠨᠳᠠᠯ᠎ᠤᠨ ᠴᠢᠨᠠᠷ ᠴᠢᠨᠰᠠᠭ᠎ᠠ ᠵᠢ ᠰᠠᠢ᠌ᠵᠢᠷᠠᠭᠤᠯᠤᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ 《ᠪᠤᠭᠤᠲᠤ ᠬᠣᠲᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ》᠎ᠳᠤ ᠵᠠᠰᠠᠪᠤᠷᠢ ᠣᠷᠣᠭᠤᠯᠵᠤ᠂ ᠠᠵᠤ ᠠᠬᠤᠢ ᠵᠢᠨ ᠥᠷᠭᠡᠷᠢᠭ᠎ᠤᠨ ᠡᠨᠧᠷᠭᠢ ᠵᠢᠨ ᠬᠢᠮᠢ ᠵᠢᠨ ᠬᠡᠦᠷᠰᠢᠭᠦᠯᠦᠨ ᠤᠨᠲᠠᠷᠭ᠋ᠠᠬᠤ ᠥᠭᠡᠷᠡᠴᠢᠯᠡᠯᠲᠡ ᠵᠡᠷᠭᠡ 10 ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠪᠥᠬᠥ ᠬᠣᠲᠠ ᠵᠢᠨ ᠰᠢᠲᠠᠮᠠᠬᠠᠢ ᠬᠡᠢ ᠵᠢᠨ ᠭᠦᠸᠧᠯᠦ ᠵᠢᠨ ᠠᠽᠣᠲ ᠪᠠᠭ᠋ᠠᠲᠠᠢ ᠥᠭᠡᠷᠡᠴᠢᠯᠡᠯᠲᠡ ᠵᠢ ᠡᠬᠢᠯᠡᠭᠦᠯᠵᠦ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠪᠤᠭᠤᠲᠤ ᠵᠢᠨ ᠬᠥᠩᠭᠡᠨᠴᠠᠭ᠋ᠠᠨ᠎ᠤ ᠪᠦᠯᠦᠭᠯᠡᠯ᠂ ᠰᠢ ᠸᠠᠩ ᠬᠥᠩᠭᠡᠨᠴᠠᠭ᠋ᠠᠨ᠎ᠤ ᠦᠢ᠍ᠯᠡᠰ ᠵᠡᠷᠭᠡ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠮᠵᠢᠯᠲᠠ ᠪᠦᠲᠦᠮᠵᠢ ᠵᠢᠨ A ᠲᠠᠰ᠎ᠤᠨ ᠠᠵᠤ ᠠᠬᠤᠢ᠌ᠯᠠᠯ᠎ᠢ ᠴᠢᠷᠮᠠᠢ᠌ᠨ ᠡᠭᠦᠳᠬᠦ ᠵᠢ ᠠᠬᠢᠭᠤᠯᠪᠠ; ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠨ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠢ ᠡᠭᠦᠰᠦᠯ᠎ᠠᠴᠠ᠎ᠨᠢ ᠤᠬᠤᠴᠢᠯᠠᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ ᠬᠠᠲᠤᠨ ᠭᠣᠣᠯ᠎ᠳᠤ ᠴᠢᠳᠬᠤᠬᠤ ᠤᠰᠤᠨ᠎ᠤ ᠴᠢᠨᠠᠷ ᠮᠠᠭᠤᠳᠠᠬᠤ ᠪᠠ ᠪᠣᠬᠢᠷ ᠦᠮᠡᠬᠡᠢ ᠤᠰᠤᠨ ᠴᠣᠭᠴᠠ ᠵᠢ ᠵᠠᠰᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠪᠡ; ᠭᠠᠵᠠᠷ ᠰᠢᠷᠣᠢ ᠵᠢ ᠠᠮᠤᠷ ᠲᠦᠪᠰᠢᠨ ᠵᠶ᠋ᠡᠷ ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠣᠬᠢᠷᠲᠤᠭᠰᠠᠨ ᠲᠠᠷᠢᠶᠠᠨ ᠭᠠᠵᠠᠷ᠎ᠤᠨ ᠠᠮᠤᠷ ᠲᠦᠪᠰᠢᠨ᠎ᠤ ᠠᠰᠢᠭᠯᠠᠯᠲᠠ ᠵᠢᠨ ᠨᠣᠷᠮ᠎ᠠ ᠵᠢ 98%᠎ᠠᠴᠠ ᠳᠡᠭᠡᠭᠰᠢ᠎ᠳᠤ ᠬᠦᠷᠦᠭᠦᠯᠪᠡ; 《ᠬᠠᠶᠠᠭᠳᠠᠮᠠᠯ ᠦᠭᠡᠢ ᠬᠣᠲᠠ》 ᠵᠢᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠎ᠤᠨ 200 ᠲᠦᠮᠡᠨ ᠲᠣᠨ᠎ᠤ ᠪᠣᠯᠣᠳ᠎ᠤᠨ ᠰᠢᠭ᠋ᠠᠷᠤ ᠵᠢ ᠠᠵᠤ ᠦᠶ᠋ᠢᠯᠡᠰᠵᠢᠭᠦᠯᠬᠦ ᠵᠡᠷᠭᠡ ᠭᠣᠣᠯᠳᠠᠯᠭ᠎ᠠ᠎ᠲᠠᠢ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠪᠠ; 《ᠨᠢᠭᠡ ᠵᠢ ᠵᠠᠰᠠᠵᠤ ᠭᠤᠷᠪᠠ ᠵᠢ ᠬᠤᠪᠢᠷᠠᠭᠤᠯᠬᠤ》 ᠵᠠᠭᠤᠨ ᠡᠳᠦᠷ᠎ᠤᠨ ᠰᠢᠪᠲᠤᠯᠤᠯᠲᠠ ᠵᠢᠨ ᠦᠷ᠎ᠡ ᠪᠦᠲᠦᠭᠡᠯ᠎ᠢ ᠭᠦᠨᠵᠡᠭᠡᠢ᠌ᠷᠡᠭᠦᠯᠵᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠦᠨᠡᠨᠬᠦ ᠰᠠᠶ᠋ᠢᠲᠤᠷ ᠠᠳᠬᠤᠪᠠ᠃
(ᠳᠥᠷᠪᠡ) ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠶᠡᠬᠡᠪᠡᠷ ᠥᠷᠨᠢᠭᠦᠯᠪᠡ᠃ ᠬᠤᠳᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠪᠣᠷᠣᠭ᠋ᠠᠨ ᠪᠠ ᠪᠣᠬᠢᠷᠲᠤᠯ᠎ᠢ ᠰᠠᠯᠭ᠋ᠠᠨ ᠶᠡᠷᠦᠩᠬᠡᠢ᠌ᠯᠡᠨ ᠵᠠᠰᠠᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 96.25 ᠲᠦᠮᠡᠨ ᠲᠡᠭᠰᠢ ᠳᠥᠷᠪᠡᠯᠵᠢᠨ ᠮᠧᠲᠷ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠪᠠ ᠤᠭᠰᠠᠷᠠᠮᠠᠯ ᠮᠠᠶᠢᠭ᠎ᠤᠨ ᠪᠠᠷᠢᠯᠭ᠎ᠠ ᠵᠢᠨ ᠡᠵᠡᠯᠡᠬᠦ ᠬᠠᠷᠢᠴᠠᠯ᠎ᠢ ᠲᠤᠰ ᠲᠤᠰ 25% ᠪᠠ 30%᠎ᠳᠤ ᠬᠦᠷᠭᠡᠵᠦ᠂ ᠬᠥᠳᠡᠯᠮᠦᠷᠢ ᠵᠢᠨ ᠴᠡᠴᠡᠷᠯᠢᠭ ᠵᠡᠷᠭᠡ 3 ᠭᠠᠵᠠᠷ᠎ᠤᠨ ᠬᠠᠮᠲᠤ᠎ᠪᠠᠷ ᠡᠳ᠋ᠯᠡᠬᠦ ᠨᠣᠭᠣᠭ᠋ᠠᠷᠠᠭᠤᠯᠤᠯᠲᠠ ᠵᠢᠨ ᠭᠠᠵᠠᠷ᠎ᠤᠨ ᠲᠤᠷᠰᠢᠯᠲᠠ ᠵᠢ ᠥᠭᠡᠷᠡᠴᠢᠯᠡᠨ ᠳᠡᠭᠡᠭᠰᠢᠯᠡᠭᠦᠯᠪᠡ᠂ ᠳᠤᠯᠠᠭ᠋ᠠᠨ ᠪᠦᠯᠢᠶᠡᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠵᠦ᠂ 《ᠡᠪᠦᠯ᠎ᠤᠨ ᠡᠪᠡᠳᠴᠢᠨ᠎ᠢ ᠵᠣᠨ ᠵᠠᠰᠠᠬᠤ》 ᠵᠢ ᠶᠡᠬᠡᠪᠡᠷ ᠠᠬᠢᠭᠤᠯᠵᠤ᠂ 370 ᠳᠤᠯᠠᠭ᠋ᠠᠨ ᠪᠦᠯᠢᠶᠡᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠨ᠎ᠤ ᠡᠭᠦᠷᠭᠡ ᠵᠢ ᠪᠡᠶᠡᠯᠡᠭᠦᠯᠪᠡ; ᠬᠤᠳᠠ ᠵᠢᠨ ᠰᠢᠨᠵᠢᠯᠡᠬᠦ ᠤᠬᠠᠭ᠋ᠠᠨᠴᠢᠯᠠᠭᠰᠠᠨ ᠨᠠᠷᠢᠯᠢᠭᠵᠢᠭᠤᠯᠤᠭᠰᠠᠨ ᠣᠶᠤᠨᠴᠢᠯᠠᠭᠰᠠᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠣᠶᠤᠨᠲᠤ ᠲᠡᠷᠭᠡ ᠵᠣᠭᠰᠣᠭ᠋ᠠᠵᠤ ᠴᠠᠬᠢᠯᠭ᠋ᠠᠨ ᠴᠡᠨᠡᠭᠯᠡᠬᠦ ᠵᠢ ᠨᠢᠭᠡ ᠴᠣᠭᠴᠠᠵᠢᠭᠤᠯᠬᠤ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ 2000 ᠤᠯᠠᠨ ᠨᠠᠢ᠌ᠳᠠ ᠵᠢᠨ ᠴᠠᠬᠢᠯᠭ᠋ᠠᠨ ᠴᠡᠨᠡᠭᠯᠡᠬᠦ ᠱᠣᠩ (ᠥᠷᠲᠡᠭᠡ)᠎ᠢ ᠢᠵᠢ ᠪᠦᠷᠢᠳᠦᠭᠦᠯᠦᠨ ᠲᠣᠣᠷ᠎ᠲᠤ ᠵᠠᠯᠭ᠋ᠠᠬᠤ ᠥᠭᠡᠷᠡᠴᠢᠯᠡᠯᠲᠡ ᠵᠢ ᠠᠬᠢᠭᠤᠯᠪᠠ; ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠣᠭ ᠨᠣᠪᠰᠢ ᠵᠢ ᠲᠥᠷᠥᠯ ᠬᠤᠪᠢᠶᠠᠬᠤ ᠵᠢ ᠬᠡᠷᠡᠭᠵᠢᠭᠦᠯᠵᠦ᠂ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠵᠢᠱ᠌ᠢᠶ᠎ᠡ ᠦᠵᠡᠭᠦᠯᠬᠦ 5 ᠬᠡᠰᠡᠭ ᠲᠣᠭᠣᠷᠢᠭ᠎ᠢ ᠪᠠᠢ᠌ᠭᠤᠯᠵᠤ᠂ ᠭᠣᠣᠯ ᠬᠣᠲᠠ ᠲᠣᠭᠣᠷᠢᠭ᠎ᠤᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠲᠡᠷᠢᠭᠦᠨ᠎ᠤ ᠲᠣᠨᠣᠭ ᠲᠥᠬᠦᠭᠡᠷᠦᠮᠵᠢ ᠵᠢ ᠲᠠᠯᠪᠢᠬᠤ ᠪᠦᠷᠬᠦᠴᠡ ᠵᠢᠨ ᠨᠣᠷᠮ᠎ᠠ ᠵᠢ 95 %᠎ᠳᠤ ᠬᠦᠷᠦᠭᠦᠯᠪᠡ; ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠵᠤ᠂ 30 ᠵᠠᠰᠠᠭ ᠵᠠᠬᠢᠷᠭ᠋ᠠᠨ᠎ᠤ ᠲᠣᠰᠬᠤᠨ᠎ᠤ ᠠᠮᠢᠳᠤᠷᠠᠯ᠎ᠤᠨ ᠬᠣᠭ ᠨᠣᠪᠰᠢ ᠵᠢ ᠲᠥᠪᠯᠡᠷᠡᠭᠦᠯᠦᠨ ᠰᠢᠢ᠍ᠳᠪᠦᠷᠢᠯᠡᠬᠦ ᠪᠠ 79 ᠵᠠᠰᠠᠭ ᠵᠠᠬᠢᠷᠭ᠋ᠠᠨ᠎ᠤ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠠᠵᠢᠯ᠎ᠢ ᠠᠬᠢᠭᠤᠯᠪᠠ᠃
(ᠲᠠᠪᠤ) ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ᠎ᠳᠤ ᠬᠦᠷᠬᠦ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠵᠢ ᠬᠦᠴᠦᠲᠡᠢ ᠡᠮᠬᠢ ᠵᠢᠷᠤᠮ᠎ᠲᠠᠢ ᠪᠦᠲᠦᠮᠵᠢᠲᠡᠢ᠎ᠪᠠᠷ ᠠᠬᠢᠭᠤᠯᠪᠠ᠃ 《ᠳᠡᠯᠡᠬᠡᠢ ᠵᠢᠨ ᠲᠠᠰ》᠎ᠤᠨ ᠪᠣᠬᠢᠷᠲᠤᠯ ᠦᠭᠡᠢ ᠴᠠᠬᠢᠯᠭ᠋ᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠡᠬᠢ ᠰᠤᠷᠪᠤᠯᠵᠢ ᠵᠢᠨ ᠲᠣᠣᠷ᠎ᠤᠨ ᠴᠡᠨᠡᠭ ᠨᠥᠭᠡᠴᠡᠯᠡᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠨ᠂ ᠲᠠᠯᠠᠨ ᠬᠠᠷ᠎ᠠ ᠠᠭᠤᠯᠠ ᠵᠢ ᠠᠯᠤᠰᠯᠠᠭᠰᠠᠨ 500KV ᠴᠠᠬᠢᠯᠭ᠋ᠠᠨ ᠬᠦᠷᠭᠡᠬᠦ ᠵᠠᠮ᠎ᠤᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠪᠠ ᠲᠦᠩ ᠸᠧᠢ ᠵᠡᠷᠭᠡ 13 ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠲᠥᠷᠥᠯ ᠵᠦᠢ᠍ᠯ᠎ᠢ ᠬᠡᠷᠡᠭᠵᠢᠭᠦᠯᠪᠡ; ᠵᠠᠮ ᠬᠠᠷᠢᠯᠴᠠᠭ᠎ᠠ ᠲᠡᠭᠡᠭᠡᠪᠦᠷᠢ ᠵᠢᠨ ᠪᠣᠬᠢᠷᠲᠤᠯ ᠦᠭᠡᠢ ᠪᠣᠯᠭ᠋ᠠᠬᠤ ᠪᠠ ᠨᠠᠭᠦᠷᠡᠰᠦᠲᠦ᠋ᠷᠦᠭᠴᠢ ᠪᠠᠭ᠎ᠠ ᠪᠣᠯᠭ᠋ᠠᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠬᠡᠷᠡᠭᠵᠢᠭᠦᠯᠵᠦ᠂ ᠰᠢᠨ᠎ᠡ᠎ᠪᠠᠷ ᠨᠡᠮᠡᠭᠳᠡᠭᠦᠯᠦᠭᠰᠡᠨ ᠪᠠ ᠰᠢᠨᠡᠳᠬᠡᠭᠰᠡᠨ ᠨᠠᠢ᠌ᠳᠠ ᠵᠢᠨ ᠵᠠᠮ ᠬᠠᠷᠢᠯᠴᠠᠭ᠋ᠠᠨ᠎ᠤ ᠲᠡᠷᠭᠡ ᠬᠥᠰᠬᠡ ᠵᠢᠨ ᠴᠠᠬᠢᠯᠭ᠋ᠠᠨᠵᠢᠭᠤᠯᠬᠤ ᠬᠠᠷᠢᠴᠠᠯ᠎ᠢ 100%᠎ᠳᠤ ᠬᠦᠷᠦᠭᠦᠯᠵᠦ᠂ ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ 500᠂ ᠬᠥᠩᠭᠡᠨ ᠠᠴᠢᠶᠠᠨ᠎ᠤ ᠮᠠᠰᠢᠨ 2500 ᠵᠢ ᠳᠡᠯᠭᠡᠷᠡᠭᠦᠯᠵᠦ᠂ ᠬᠦᠨᠳᠦ ᠠᠴᠢᠶᠠᠨ᠎ᠤ ᠮᠠᠰᠢᠨ᠎ᠤ ᠴᠠᠬᠢᠯᠭ᠋ᠠᠨ ᠴᠡᠨᠡᠭᠯᠡᠬᠦ ᠥᠷᠲᠡᠭᠡ ᠵᠢ 25᠎ᠠᠴᠠ ᠳᠡᠭᠡᠭᠰᠢ ᠪᠠᠢ᠌ᠭᠤᠯᠪᠠ; ᠪᠥᠬᠥ ᠤᠯᠤᠰ᠎ᠤᠨ ᠣᠢ ᠰᠢᠭᠤᠢ ᠵᠢᠨ ᠦᠢ᠍ᠯᠡᠰ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠬᠤᠷᠠᠭᠤᠯᠬᠤ ᠲᠤᠷᠰᠢᠯᠲᠠ ᠵᠢᠨ ᠬᠣᠲᠠ ᠪᠠ ᠨᠠᠭᠦᠷᠡᠰᠦᠲᠦ᠋ᠷᠦᠭᠴᠢ ᠵᠢᠨ ᠣᠷᠬᠢᠯ ᠬᠡᠮᠵᠢᠭᠳᠡᠯ᠎ᠳᠤ ᠬᠦᠷᠦᠭᠦᠯᠬᠦ ᠪᠠ ᠨᠠᠭᠦᠷᠡᠰᠦᠲᠦ᠋ᠷᠦᠭᠴᠢ ᠰᠠᠭ᠋ᠠᠷᠮᠠᠭᠵᠢᠭᠤᠯᠬᠤ ᠣᠢ ᠰᠢᠭᠤᠢ ᠡᠪᠡᠰᠦ ᠪᠡᠯᠴᠢᠭᠡᠷ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ (ᠪᠤᠭᠤᠲᠤ) ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠲᠤᠷᠤᠭ ᠪᠤᠲᠠ ᠮᠣᠳᠣ ᠵᠢ ᠤᠶᠠᠯᠳᠤᠭᠤᠯᠤᠭᠰᠠᠨ ᠣᠢ ᠰᠢᠭᠤᠢ ᠵᠢᠨ CCER ᠲᠥᠷᠥᠯ ᠵᠦᠢ᠍ᠯ ᠪᠠ ᠨᠤᠲᠤᠭ ᠪᠡᠯᠴᠢᠭᠡᠷ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠲᠥᠷᠥᠯ ᠵᠦᠢ᠍ᠯ᠎ᠢ ᠲᠠᠰ ᠲᠥᠷᠥᠯ ᠬᠤᠪᠢᠶᠠᠨ ᠨᠡᠭᠡᠭᠡᠨ ᠬᠥᠭᠵᠢᠭᠦᠯᠪᠡ; ᠤᠯᠤᠰ᠎ᠤᠨ ᠨᠠᠭᠦᠷᠡᠰᠦᠲᠦ᠋ᠷᠦᠭᠴᠢ ᠵᠢᠨ ᠬᠡᠮᠵᠢᠯᠲᠡ ᠵᠢᠨ ᠲᠥᠪ (ᠥᠪᠥᠷ ᠮᠣᠩᠭᠣᠯ)᠎ᠤᠨ ᠪᠤᠭᠤᠲᠤ ᠵᠢᠨ ᠬᠤᠪᠢᠶᠠᠷᠢ ᠲᠥᠪ᠎ᠢ ᠪᠠᠢ᠌ᠭᠤᠯᠤᠨ ᠬᠦᠴᠦᠷᠬᠡᠭᠵᠢᠭᠦᠯᠵᠦ᠂ ᠵᠢᠯ᠎ᠤᠨ ᠳᠣᠲᠣᠷ᠎ᠠ 11 ᠵᠦᠢ᠍ᠯ᠎ᠤᠨ ᠣᠢ ᠰᠢᠭᠤᠢ ᠡᠪᠡᠰᠦ ᠪᠡᠯᠴᠢᠭᠡᠷ ᠨᠠᠭᠦᠷᠡᠰᠦᠲᠦ᠋ᠷᠦᠭᠴᠢ ᠵᠢ ᠬᠤᠷᠠᠭᠤᠯᠬᠤ ᠣᠷᠣᠨ ᠨᠤᠲᠤᠭ᠎ᠤᠨ ᠪᠠᠷᠢᠮᠵᠢᠶ᠎ᠠ ᠵᠢ ᠨᠡᠢ᠌ᠲᠡᠯᠡᠬᠦ᠎ᠪᠠᠷ ᠴᠢᠷᠮᠠᠢ᠌ᠪᠠ; ᠲᠠᠯᠠᠰᠲᠤ ᠴᠠᠬᠢᠭᠤᠷ᠎ᠤᠨ ᠦᠢ᠍ᠯᠡᠳᠬᠦᠨ᠎ᠤ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠰᠤᠳᠤᠯᠭ᠋ᠠᠨ ᠪᠠ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠦᠢ᠍ᠯᠡᠳᠬᠦᠨ᠎ᠤ ᠰᠤᠳᠤᠯᠭ᠋ᠠᠨ᠎ᠢ ᠥᠷᠨᠢᠭᠦᠯᠵᠦ᠂ ᠭᠡᠷᠡᠯ ᠴᠡᠨᠡᠭ᠎ᠤᠨ ᠦᠢ᠍ᠯᠡᠳᠬᠦᠨ᠎ᠤ ᠨᠠᠭᠦᠷᠡᠰᠦᠲᠦ᠋ᠷᠦᠭᠴᠢ ᠵᠢᠨ ᠤᠯᠠ ᠮᠥᠷ᠎ᠤᠨ ᠲᠣᠭ᠋ᠠᠴᠠᠭ᠎ᠠ ᠵᠢᠴᠢ ᠢᠯᠭ᠋ᠠᠬᠤ ᠲᠡᠮᠳᠡᠭ᠎ᠤᠨ ᠰᠢᠰᠲ᠋ᠧᠮᠵᠢ ᠵᠢ ᠰᠦᠪᠡᠭᠴᠢᠯᠡᠨ ᠪᠠᠢ᠌ᠭᠤᠯᠪᠠ᠃
(ᠵᠢᠷᠭᠤᠭ᠎ᠠ) ᠠᠮᠢᠳᠤᠷᠠᠯ᠎ᠤᠨ ᠠᠷᠭ᠎ᠠ ᠮᠠᠶᠢᠭ᠎ᠢ ᠪᠣᠬᠢᠷᠲᠤᠯ ᠦᠭᠡᠢ ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃ ᠠᠷᠪᠢᠯᠠᠨ ᠭᠠᠮᠨᠠᠬᠤ ᠬᠡᠯᠪᠡᠷᠢ ᠵᠢᠨ ᠪᠠᠢ᠌ᠭᠤᠯᠭ᠎ᠠ ᠵᠢ ᠡᠭᠦᠳᠦᠨ ᠪᠠᠢ᠌ᠭᠤᠯᠬᠤ ᠠᠵᠢᠯ᠎ᠢ ᠥᠷᠨᠢᠭᠦᠯᠵᠦ᠂ 2023 — 2024 ᠣᠨ᠎ᠤ ᠠᠷᠪᠢᠯᠠᠨ ᠭᠠᠮᠨᠠᠬᠤ ᠬᠡᠯᠪᠡᠷᠢ ᠵᠢᠨ ᠤᠯᠠᠨ ᠨᠠᠢ᠌ᠳᠠ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠢ᠌ᠭᠤᠯᠬᠤ᠂ ᠳᠠᠬᠢᠨ ᠬᠢᠨᠠᠬᠤ ᠵᠢᠴᠢ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠣᠬᠤ ᠠᠵᠢᠯ᠎ᠢ ᠠᠬᠢᠭᠤᠯᠪᠠ; ᠦᠵᠡᠰᠬᠦᠯᠡᠩᠲᠦ ᠰᠠᠢ᠌ᠬᠠᠨ ᠪᠤᠭᠤᠲᠤ ᠵᠢᠨ ᠪᠦᠬᠦ ᠠᠷᠠᠳ᠎ᠤᠨ ᠠᠵᠢᠯᠯᠠᠭ᠋ᠠᠨ᠎ᠤ ᠰᠢᠰᠲ᠋ᠧᠮ᠎ᠢ ᠪᠠᠢ᠌ᠭᠤᠯᠵᠤ᠂ ᠪᠣᠬᠢᠷᠲᠤᠯ ᠦᠭᠡᠢ ᠰᠤᠷᠭ᠋ᠠᠭᠤᠯᠢ ᠪᠠ ᠪᠣᠬᠢᠷᠲᠤᠯ ᠦᠭᠡᠢ ᠭᠡᠷ ᠪᠦᠯᠢ ᠵᠢ ᠡᠭᠦᠳᠦᠨ ᠪᠠᠢ᠌ᠭᠤᠯᠬᠤ ᠵᠢ ᠢᠳᠡᠪᠬᠢᠲᠡᠢ ᠥᠷᠨᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠬᠥᠮᠦᠵᠢᠯ᠎ᠤᠨ 《ᠲᠤᠯᠤᠭ᠎ᠠ ᠵᠢ ᠣᠷᠣᠭᠤᠯᠬᠤ》 ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠬᠦ ᠵᠢ ᠭᠦᠨᠵᠡᠭᠡᠢ᠌ᠷᠡᠭᠦᠯᠪᠡ; ᠦᠵᠡᠰᠬᠦᠯᠡᠩᠲᠦ ᠰᠠᠢ᠌ᠬᠠᠨ ᠪᠤᠭᠤᠲᠤ ᠵᠢᠨ ᠤᠬᠠᠭᠤᠯᠭ᠎ᠠ ᠵᠢᠨ ᠠᠵᠢᠯ᠎ᠢ ᠰᠠᠶ᠋ᠢᠲᠤᠷ ᠬᠢᠵᠦ᠂ ᠦᠵᠡᠰᠬᠦᠯᠡᠩᠲᠦ ᠰᠠᠢ᠌ᠬᠠᠨ ᠪᠤᠭᠤᠲᠤ ᠵᠢᠨ ᠪᠠᠢ᠌ᠭᠤᠯᠤᠯᠲᠠ ᠵᠢᠨ ᠥᠯᠢᠭᠡᠷ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠣᠯᠣᠭᠰᠠᠨ ᠦᠷ᠎ᠡ ᠪᠦᠲᠦᠭᠡᠯ᠎ᠢ ᠰᠠᠶ᠋ᠢᠲᠤᠷ ᠶᠠᠷᠢᠪᠠ᠃ 《6 . 5 ᠣᠷᠴᠢᠨ ᠲᠣᠭᠣᠷᠢᠨ᠎ᠤ ᠡᠳᠦᠷ》 《ᠪᠦᠬᠦ ᠤᠯᠤᠰ᠎ᠤᠨ ᠠᠮᠢ ᠠᠬᠤᠢ ᠵᠢᠨ ᠡᠳᠦᠷ》᠎ᠤᠨ ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠨᠠᠷᠢᠨ ᠨᠢᠮᠪᠠᠢ ᠲᠥᠯᠥᠪᠯᠡᠨ ᠰᠠᠶ᠋ᠢᠲᠤᠷ ᠵᠣᠬᠢᠶᠠᠨ ᠪᠠᠢ᠌ᠭᠤᠯᠪᠠ᠃ ᠰᠢᠯᠢᠳᠡᠭ ᠠᠮᠢ ᠠᠬᠤᠢ ᠵᠢᠨ ᠰᠣᠶᠣᠯ᠎ᠢ ᠭᠦᠢ᠍ᠴᠡᠳ ᠠᠭᠤᠳᠠᠯᠵᠤ᠂ ᠪᠤᠭᠤᠲᠤ ᠵᠢᠨ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠂ ᠴᠢᠨ ᠤᠯᠤᠰ᠎ᠤᠨ ᠣᠷᠳᠣ ᠴᠠᠭ᠋ᠠᠨ ᠬᠡᠷᠡᠮ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ᠎ᠪᠠᠷ ᠠᠬᠢᠭᠤᠯᠵᠤ᠂ ᠬᠠᠲᠤᠨ ᠭᠣᠣᠯ᠎ᠤᠨ ᠦᠵᠡᠮᠵᠢ ᠵᠢᠨ ᠣᠷᠣᠨ᠂ ᠰᠠᠢ᠌ᠬᠠᠨ ᠲᠠᠯ᠎ᠠ ᠬᠣᠲᠠ ᠵᠢᠨ ᠳᠤᠮᠳᠠᠬᠢ ᠲᠠᠯ᠎ᠠ ᠨᠤᠲᠤᠭ ᠵᠡᠷᠭᠡ ᠰᠣᠶᠣᠯ ᠵᠢᠭᠤᠯᠴᠢᠯᠠᠯ᠎ᠤᠨ ᠨᠡᠷᠡᠲᠦ ᠲᠡᠮᠳᠡᠭᠲᠦ ᠵᠢ ᠪᠤᠢ ᠪᠣᠯᠭ᠋ᠠᠪᠠ᠃