5 ᠰᠠᠷ᠎ᠠ ᠵᠢᠨ 24᠎ᠤ ᠡᠳᠦᠷ᠂ ᠳᠣᠯᠣᠳᠤᠭ᠋ᠠᠷ ᠬᠤᠭᠤᠴᠠᠭ᠋ᠠᠨ᠎ᠤ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠲᠦᠷᠦᠭᠦᠴᠦᠳ᠎ᠤᠨ ᠬᠤᠷᠠᠯ ᠹᠦᠵᠧᠦ᠎ᠳᠤ ᠦᠪᠡᠳᠡᠭᠰᠢ ᠶᠡᠬᠡ᠎ᠪᠠᠷ ᠡᠬᠢᠯᠡᠪᠡ᠂ ᠲᠤᠰ ᠬᠤᠭᠤᠴᠠᠭ᠋ᠠᠨ᠎ᠤ ᠲᠦᠷᠦᠭᠦᠴᠦᠳ᠎ᠤᠨ ᠬᠤᠷᠠᠯ᠎ᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠲᠣᠭ᠎ᠠ ᠪᠠᠷᠢᠮᠲᠠ ᠵᠢᠨ ᠲᠣᠪᠴᠢᠶ᠎ᠠ᠂ ᠤᠯᠤᠰ᠎ᠤᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ 《ᠲᠣᠭ᠎ᠠ ᠪᠠᠷᠢᠮᠲᠠ ᠵᠢᠨ ᠡᠯᠧᠮᠧᠨ᠋ᠲ᠎ᠤᠨ ᠥᠷᠲᠡᠭ᠎ᠢ ᠪᠠᠳᠠᠷᠠᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠤᠯᠤᠰ᠎ᠤᠨ ᠲᠡᠷᠢᠭᠦᠨ᠎ᠤ ᠲᠣᠭ᠋ᠠᠴᠢᠯᠠᠭᠰᠠᠨ ᠦᠷ᠎ᠡ ᠪᠦᠲᠦᠭᠡᠯ ᠪᠣᠯᠣᠨ ᠣᠶᠤᠨᠴᠢ ᠬᠡᠷᠡᠭᠯᠡᠭᠡ ᠵᠢ ᠲᠥᠪᠯᠡᠷᠡᠭᠦᠯᠵᠦ᠂ ᠲᠤᠬᠠᠢ ᠵᠢᠨ ᠲᠠᠯᠠᠪᠠᠢ ᠵᠢᠨ ᠲᠣᠭ᠋ᠠᠴᠢᠯᠠᠭᠰᠠᠨ ᠮᠡᠷᠭᠡᠵᠢᠯ᠎ᠤᠨ ᠦᠵᠡᠭᠦᠯᠭᠡ ᠵᠢᠨ ᠬᠢᠯᠠᠰ ᠴᠡᠭ ᠤᠯᠠᠨ ᠢᠯᠡᠷᠡᠵᠦ᠂ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠠᠮᠤᠭ᠎ᠤᠨ ᠰᠢᠨ᠎ᠡ ᠠᠮᠵᠢᠯᠲᠠ ᠪᠦᠲᠦᠮᠵᠢ ᠪᠣᠯᠣᠨ ᠢᠷᠡᠭᠡᠳᠦᠢ ᠵᠢᠨ ᠵᠢᠷᠤᠭ ᠲᠥᠰᠥᠪ᠎ᠢ ᠳᠡᠯᠭᠡᠨ ᠦᠵᠡᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠤᠷᠠᠴᠢᠨ ᠲᠣᠭᠣᠷᠢᠨ᠎ᠤ ᠲᠢᠩᠬᠢᠮ᠎ᠤᠨ ᠮᠡᠳᠡᠭᠦᠯᠦᠭᠰᠡᠨ 《ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠰᠡᠷᠡᠵᠦ ᠮᠡᠳᠡᠬᠦ ᠬᠢᠨᠠᠨ ᠬᠠᠮᠢᠶᠠᠷᠬᠤ ᠰᠢᠰᠲ᠋ᠧᠮ᠎ᠢ ᠪᠠᠢ᠌ᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠨᠡᠮᠡᠷᠢᠯᠡᠨ᠎ᠡ》 ᠭᠡᠬᠦ ᠬᠡᠷᠡᠭ᠎ᠤᠨ ᠵᠢᠱ᠌ᠢᠶ᠎ᠡ ᠲᠣᠰ ᠬᠤᠭᠤᠴᠠᠭ᠋ᠠᠨ᠎ᠤ ᠲᠦᠷᠦᠭᠦᠴᠦᠳ᠎ᠤᠨ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠠᠢ᠌ᠭᠤᠯᠤᠯᠲᠠ ᠵᠢᠨ ᠲᠦᠷᠦᠭᠦᠴᠦᠳ᠎ᠤᠨ ᠬᠤᠷᠠᠯ᠎ᠤᠨ ᠲᠣᠭ᠋ᠠᠴᠢᠯᠠᠭᠰᠠᠨ ᠠᠮᠢ ᠠᠬᠤᠢ ᠵᠢᠨ ᠪᠣᠯᠪᠠᠰᠤᠨ᠎ᠤ ᠬᠤᠪᠢᠶᠠᠷᠢ ᠶᠠᠷᠢᠶᠠᠨ᠎ᠤ ᠲᠠᠪᠴᠠᠩ᠎ᠤᠨ ᠨᠡᠢ᠌ᠲᠡᠯᠢᠭ ᠬᠡᠷᠡᠭᠯᠡᠭᠡᠨ᠎ᠤ ᠵᠢᠱ᠌ᠢᠶ᠎ᠡ᠎ᠳᠤ ᠠᠮᠵᠢᠯᠲᠠ᠎ᠲᠠᠢ ᠰᠣᠩᠭᠣᠭᠳᠠᠵᠤ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠫᠧᠢ ᠳ᠋ᠡ ᠱ᠌ᠢ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠪᠦᠯᠬᠦᠮ ᠳᠠᠭ᠋ᠠᠭᠤᠯᠤᠨ ᠲᠣᠭ᠋ᠠᠴᠢᠯᠠᠭᠰᠠᠨ ᠠᠮᠢ ᠠᠬᠤᠢ ᠵᠢᠨ ᠪᠣᠯᠪᠠᠰᠤᠨ᠎ᠤ ᠬᠤᠪᠢᠶᠠᠷᠢ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠪᠥᠭᠡᠳ ᠲᠤᠷᠰᠢᠯᠭ᠎ᠠ᠎ᠪᠠᠨ ᠰᠣᠯᠢᠯᠴᠠᠪᠠ᠃
2018 ᠣᠨ᠎ᠠᠴᠠ ᠨᠠᠭ᠋ᠠᠰᠢ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠮᠡᠳᠡᠷᠡᠬᠦ ᠲᠠᠪᠴᠠᠩ ᠵᠶ᠋ᠠᠷ ᠠᠵᠠ ᠲᠣᠬᠢᠶᠠᠯ ᠪᠣᠯᠭ᠋ᠠᠵᠤ᠂ 《ᠳᠥᠷᠪᠡᠨ ᠬᠠᠤᠯᠢ ᠬᠣᠶᠠᠷ ᠳᠦᠷᠢᠮ》᠎ᠳᠤ ᠲᠦᠰᠢᠭᠯᠡᠨ᠂ 《ᠭᠤᠷᠪᠠᠨ ᠬᠤᠪᠢ ᠵᠢᠨ ᠮᠡᠷᠭᠡᠵᠢᠯ᠂ ᠳᠣᠯᠣᠭ᠋ᠠᠨ ᠬᠤᠪᠢ ᠵᠢᠨ ᠬᠠᠮᠢᠶᠠᠷᠤᠯᠲᠠ》 ᠵᠢᠨ ᠵᠠᠷᠴᠢᠮ᠎ᠢ ᠪᠠᠷᠢᠮᠲᠠᠯᠠᠵᠤ᠂ ᠤᠯᠠᠨ ᠵᠢᠯ᠎ᠤᠨ ᠡᠷᠭᠢᠭᠦᠯᠭᠡᠨ ᠬᠡᠯᠪᠡᠷᠢ᠎ᠪᠠᠷ ᠳᠠᠬᠢᠨ ᠳᠠᠪᠲᠠᠨ ᠳᠡᠰ ᠳᠡᠪᠰᠢᠭᠦᠯᠬᠦ᠎ᠪᠠᠷ ᠳᠡᠮᠵᠢᠨ᠂ ᠬᠠᠮᠢᠶᠠᠷᠤᠯᠲᠠ ᠵᠢᠨ ᠳᠦᠷᠢᠮ ᠪᠣᠯᠣᠨ ᠮᠡᠷᠭᠡᠵᠢᠯ᠎ᠤᠨ ᠰᠡᠷᠭᠡᠢ᠌ᠯᠡᠯᠲᠡ ᠵᠢ ᠤᠶᠠᠯᠳᠤᠭᠤᠯᠤᠭᠰᠠᠨ᠂ ᠡᠳ᠋ ᠬᠥᠷᠥᠩᠭᠡ ᠵᠢᠨ ᠬᠥᠳᠡᠯᠦᠩᠭᠦᠢ ᠬᠠᠮᠢᠶᠠᠷᠤᠯᠲᠠ ᠪᠣᠯᠣᠨ ᠠᠮᠤᠷ ᠲᠦᠪᠰᠢᠨ᠎ᠤ ᠬᠠᠮᠢᠶᠠᠷᠤᠯᠲᠠ ᠵᠢ ᠤᠶᠠᠯᠳᠤᠭᠤᠯᠤᠭᠰᠠᠨ᠂ ᠠᠶᠤᠯ ᠲᠦᠭᠰᠢᠭᠦᠷᠢ ᠵᠢᠨ ᠲᠦᠭᠰᠢᠭᠦᠷᠢ ᠪᠣᠯᠣᠨ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠤᠶᠠᠯᠳᠤᠭᠤᠯᠤᠭᠰᠠᠨ᠂ ᠪᠠᠶ᠋ᠢᠳᠠᠯ᠎ᠢ ᠮᠡᠳᠡᠷᠡᠬᠦ ᠪᠣᠯᠣᠨ ᠤᠯᠠᠨ ᠡᠰᠢᠲᠦ ᠰᠦᠷᠳᠡᠭᠦᠯᠦᠯ᠎ᠤᠨ ᠮᠡᠳᠡᠭᠡ ᠵᠢ ᠤᠶᠠᠯᠳᠤᠭᠤᠯᠤᠭᠰᠠᠨ᠂ ᠪᠠᠢ᠌ᠩᠭᠤᠵᠢᠭᠰᠠᠨ ᠪᠣᠳᠠᠲᠤ ᠪᠠᠢ᠌ᠯᠳᠤᠭ᠋ᠠᠨ᠎ᠤ ᠰᠣᠷᠢᠯᠲᠠ ᠪᠣᠯᠣᠨ ᠬᠦᠨᠳᠦ ᠬᠠᠮᠠᠭ᠋ᠠᠯᠠᠯᠲᠠ ᠵᠢᠨ ᠲᠠᠯᠠᠪᠤᠷ᠎ᠢ ᠤᠶᠠᠯᠳᠤᠭᠤᠯᠤᠭᠰᠠᠨ᠂ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠪᠣᠯᠣᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠤᠶᠠᠯᠳᠤᠭᠤᠯᠤᠭᠰᠠᠨ ᠪᠠᠶ᠋ᠢᠳᠠᠯ᠎ᠢ ᠮᠡᠳᠡᠷᠡᠬᠦ ᠬᠢᠨᠠᠨ ᠬᠠᠮᠢᠶᠠᠷᠤᠯᠲᠠ ᠵᠢᠨ ᠰᠢᠰᠲ᠋ᠧᠮ᠎ᠢ ᠤᠷᠢᠳᠠᠪᠠᠷ ᠪᠠᠢ᠌ᠭᠤᠯᠪᠠ᠃ ᠣᠶᠤᠨᠴᠢ᠎ᠪᠠᠷ ᠰᠢᠢ᠍ᠳᠪᠦᠷᠢᠯᠡᠬᠦ ᠳᠦᠷᠢᠮ᠎ᠢ 825 ᠪᠤᠢ ᠪᠣᠯᠭ᠋ᠠᠵᠤ᠂ ᠠᠦ᠋ᠲ᠋ᠣ᠋ ᠰᠡᠷᠡᠮᠵᠢᠯᠡᠭᠦᠯᠦᠯ᠎ᠤᠨ ᠣᠨᠣᠪᠴᠢ ᠵᠢᠨ ᠨᠣᠷᠮ᠎ᠠ ᠵᠢ 95%᠎ᠳᠤ ᠬᠦᠷᠲᠡᠯ᠎ᠡ ᠳᠡᠭᠡᠭᠰᠢᠯᠡᠭᠦᠯᠵᠦ᠂ ᠠᠦ᠋ᠲ᠋ᠣ᠋ ᠪᠢᠲᠡᠭᠦᠮᠵᠢᠯᠡᠯ᠎ᠤᠨ ᠣᠨᠣᠪᠴᠢ ᠵᠢᠨ ᠨᠣᠷᠮ᠎ᠠ ᠵᠢ 98.3%᠎ᠳᠤ ᠬᠦᠷᠲᠡᠯ᠎ᠡ ᠳᠡᠭᠡᠭᠰᠢᠯᠡᠭᠦᠯᠵᠦ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ 100 ᠭᠠᠷᠤᠢ ᠲᠤᠬᠠᠢ᠌ᠯᠠᠭᠰᠠᠨ ᠠᠵᠢᠯ᠎ᠤᠨ ᠲᠠᠪᠴᠠᠩ᠎ᠢ 1825 ᠡᠳᠦᠷ ᠬᠠᠮᠠᠭ᠋ᠠᠯᠠᠵᠤ ᠥᠭᠪᠡ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠰᠦᠯᠵᠢᠶᠡᠨ᠎ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠲᠣᠭ᠋ᠠᠴᠢᠯᠠᠭᠰᠠᠨ ᠴᠢᠳᠠᠪᠬᠢ ᠣᠯᠭᠣᠬᠤ᠎ᠪᠠᠷ ᠳᠠᠮᠵᠢᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠪᠠ᠃