ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠪᠠ — ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠪᠥᠷ ᠮᠣᠩᠭᠣᠯ᠎ᠤᠨ ᠶᠠᠰᠤ ᠴᠢᠨᠠᠷ ᠪᠠ ᠪᠠᠷᠢᠮᠵᠢᠶᠠᠭᠤᠯᠤᠯᠲᠠ ᠵᠢᠨ ᠰᠤᠳᠤᠯᠬᠤ ᠬᠦᠷᠢᠶᠡᠯᠡᠩ ᠪᠠᠢ᠌ᠴᠠᠭ᠋ᠠᠨ ᠰᠤᠳᠤᠯᠤᠯᠲᠠ ᠥᠷᠨᠢᠭᠦᠯᠵᠡᠢ
ᠨᠡᠶ᠋ᠢᠲᠡᠯᠡᠭᠰᠡᠨ ᠴᠠᠭ᠄ 2024-06-24

      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠶᠠᠪᠤᠴᠠ᠎ᠳᠠᠬᠢ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠴᠢᠳᠠᠪᠤᠷᠢ ᠵᠢ ᠴᠢᠷᠮᠠᠢ᠌ᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ 5 ᠰᠠᠷ᠎ᠠ ᠵᠢᠨ 24᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠸᠠᠩ ᠢ ᠯᠢᠩ ᠳᠠᠭ᠋ᠠᠭᠤᠯᠤᠨ ᠶᠠᠰᠤ ᠴᠢᠨᠠᠷ ᠪᠣᠯᠣᠨ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠳᠤ ᠬᠦᠷᠴᠦ᠂ 《ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠢ᠌ᠭᠤᠯᠬᠤ》 ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠡᠯ᠎ᠡ ᠭᠠᠵᠠᠷ ᠭᠡᠷ᠎ᠤᠨ ᠬᠠᠷᠢᠭᠤᠴᠠᠯᠭ᠋ᠠᠲᠠᠨ ᠵᠢᠴᠢ ᠲᠥᠯᠥᠭᠡᠯᠡᠭᠴᠢ᠂ ᠥᠪᠥᠷ ᠮᠣᠩᠭᠣᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠵᠠᠩ ᠱ᠌ᠢ ᠯᠢᠨ᠂ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠲᠤᠰ ᠤᠳᠠᠭ᠋ᠠᠨ᠎ᠤ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠭᠡᠰᠢᠭᠦᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ᠂ 《ᠮᠧᠩ》 ᠦᠰᠦᠭ᠎ᠤᠨ ᠲᠡᠮᠳᠡᠭ᠎ᠢ ᠭᠡᠷᠡᠴᠢᠯᠡᠬᠦ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠺᠣᠳ᠋ ᠪᠣᠯᠣᠨ ᠲᠠᠸᠠᠷ᠎ᠤᠨ ᠵᠢᠷᠤᠭ᠋ᠠᠰᠤᠨ ᠺᠣᠳ᠋ ᠵᠡᠷᠭᠡ ᠠᠵᠢᠯ᠎ᠤᠨ ᠦᠷ᠎ᠡ ᠪᠦᠲᠦᠭᠡᠯ᠎ᠢ ᠲᠣᠭᠣᠷᠢᠨ ᠦᠵᠡᠵᠦ ᠪᠠᠢ᠌ᠴᠠᠭ᠋ᠠᠨ ᠰᠤᠳᠤᠯᠬᠤ᠎ᠪᠠᠷ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢᠨ ᠴᠢᠬᠤᠯᠠ ᠴᠢᠨᠠᠷ᠎ᠤᠨ ᠲᠤᠬᠠᠢ ᠲᠠᠨᠢᠯᠲᠠ᠎ᠪᠠᠨ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠶᠠᠰᠤ ᠴᠢᠨᠠᠷ ᠪᠣᠯᠣᠨ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠡᠭᠦᠷᠭᠡ ᠴᠢᠳᠠᠪᠬᠢ ᠪᠣᠯᠣᠨ ᠲᠤᠬᠠᠢ᠌ᠯᠠᠭᠰᠠᠨ ᠠᠵᠢᠯ᠎ᠢ ᠣᠢ᠌ᠯᠠᠭ᠋ᠠᠪᠠ᠃ ᠲᠣᠭᠣᠷᠢᠨ ᠦᠵᠡᠵᠦ ᠳᠠᠭᠤᠰᠤᠭᠰᠠᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠠᠵᠢᠯᠯᠠᠭ᠎ᠠ ᠵᠢᠨ ᠭᠣᠣᠯ ᠰᠡᠳᠦᠪ᠎ᠤᠨ ᠲᠣᠭᠣᠷᠢᠨ᠎ᠳᠤ᠂ ᠲᠤᠰ ᠲᠤᠰ᠎ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠠᠷᠢᠮᠵᠢᠶ᠎ᠠ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠵᠦᠭᠯᠡᠭᠦᠷ》᠎ᠤᠨ ᠬᠠᠮᠢᠶ᠎ᠠ ᠪᠦᠬᠦᠢ ᠠᠭᠤᠯᠭ᠎ᠠ ᠵᠢᠨ ᠲᠤᠬᠠᠢ ᠶᠠᠷᠢᠯᠴᠠᠨ ᠰᠣᠯᠢᠯᠴᠠᠪᠠ᠃ ᠤᠯᠠᠨ ᠵᠶ᠋ᠠᠷ ᠵᠶ᠋ᠠᠨ ᠢᠯᠡᠳᠬᠡᠬᠦ᠎ᠳᠡᠭᠡᠨ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠣᠷᠬᠢᠯ ᠬᠡᠮᠵᠢᠭᠳᠡᠯ᠎ᠳᠤ ᠬᠦᠷᠬᠦ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯ᠂ ᠠᠮᠢ ᠠᠬᠤᠢ ᠣᠷᠴᠢᠨ ᠲᠣᠭᠣᠷᠢᠨ᠎ᠢ ᠰᠡᠷᠭᠦᠭᠡᠬᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠵᠠᠰᠠᠬᠤ ᠵᠡᠷᠭᠡ ᠬᠦᠷᠢᠶᠡᠨ᠎ᠳᠤ ᠪᠠᠷᠢᠮᠵᠢᠶᠠᠵᠢᠭᠰᠠᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠰᠡᠷᠡᠵᠦ ᠮᠡᠳᠡᠬᠦ ᠬᠢᠨᠠᠨ ᠬᠠᠮᠢᠶᠠᠷᠬᠤ ᠰᠢᠰᠲ᠋ᠧᠮ᠎ᠢ ᠪᠠᠢ᠌ᠭᠤᠯᠵᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠬᠦᠴᠦᠨ ᠨᠡᠮᠡᠷᠢᠯᠡᠨ᠎ᠡ》 ᠳᠣᠯᠣᠳᠤᠭ᠋ᠠᠷ ᠬᠤᠭᠤᠴᠠᠭ᠋ᠠᠨ᠎ᠤ ᠲᠣᠭ᠋ᠠᠴᠢᠯᠠᠭᠰᠠᠨ ᠳᠤᠮᠳᠠᠳᠤ ᠤᠯᠤᠰ᠎ᠤᠨ ᠪᠠᠢ᠌ᠭᠤᠯᠤᠯᠲᠠ ᠵᠢᠨ ᠲᠦᠷᠦᠭᠦᠴᠦᠳ᠎ᠤᠨ ᠬᠤᠷᠠᠯ᠎ᠤᠨ ᠨᠡᠢ᠌ᠲᠡᠯᠢᠭ ᠵᠢᠱ᠌ᠢᠶ᠎ᠡ᠎ᠪᠠᠷ ᠰᠣᠩᠭᠣᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠦ ᠨᠠᠮ᠎ᠤᠨ ᠰᠢᠯᠢᠳᠡᠭ ᠰᠤᠷᠲᠠᠯ᠎ᠢ ᠤᠯᠠᠮᠵᠢᠯᠠᠨ ᠵᠠᠯᠭ᠋ᠠᠮᠵᠢᠯᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠪᠤᠭᠤᠲᠤ ᠬᠤᠳᠠ 6 ᠲᠠᠯ᠎ᠠ ᠵᠢᠨ 45 ᠵᠦᠢ᠍ᠯ᠎ᠤᠨ ᠡᠭᠦᠷᠭᠡ ᠵᠢ ᠲᠣᠳᠣᠷᠬᠠᠢ᠌ᠯᠠᠵᠤ ᠦᠵᠡᠰᠬᠦᠯᠡᠩᠲᠦ ᠰᠠᠢ᠌ᠬᠠᠨ ᠪᠤᠭᠤᠲᠤ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠠᠬᠢᠭᠤᠯᠪᠠ
ᠪᠤᠭᠤᠲᠤ ᠬᠣᠲᠠ ᠵᠢᠨ 《ᠵᠢᠷᠭᠤᠭ᠋ᠠᠨ ᠵᠦᠢ᠍ᠯ᠎ᠤᠨ ᠨᠠᠷᠢᠯᠢᠭ ᠳᠠᠪᠰᠢᠯᠲᠠ》 ᠵᠢᠨ ᠠᠵᠢᠯ᠎ᠤᠨ ᠠᠷᠭ᠎ᠠ ᠬᠡᠮᠵᠢᠶ᠎ᠡ᠎ᠨᠢ 《ᠳᠡᠯᠡᠬᠡᠢ ᠵᠢᠨ ᠪᠣᠬᠢᠷᠲᠤᠯ ᠦᠭᠡᠢ ᠴᠠᠬᠢᠭᠤᠷ᠎ᠤᠨ ᠬᠣᠲᠠ》 ᠵᠢᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ  ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠯᠲᠠ ᠵᠢᠨ ᠬᠠᠮᠲᠤᠷᠠᠭᠰᠠᠨ ᠳᠤᠭᠤᠢ᠌ᠯᠠᠩ ᠬᠡᠰᠢᠭᠲᠡᠨ ᠬᠣᠰᠢᠭᠤᠨ᠎ᠳᠤ ᠬᠦᠷᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠨᠠᠢ᠌ᠳᠠᠪᠤᠷᠢᠵᠢᠭᠤᠯᠬᠤ ᠠᠵᠢᠯ᠎ᠤᠨ ᠪᠠᠢ᠌ᠴᠠᠭ᠋ᠠᠨ ᠰᠤᠳᠤᠯᠤᠯᠲᠠ ᠬᠢᠪᠡ
 
             蒙ICP备05000248号