ᠣᠢ᠌ᠷ᠎ᠠ ᠵᠢᠨ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠣᠷᠳᠣᠰ ᠬᠤᠳᠠ ᠵᠢᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠰᠠᠶ᠋ᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠡᠬᠢ ᠪᠠᠶᠠᠯᠢᠭ ᠡᠯᠪᠡᠭ ᠳᠡᠯᠪᠡᠭ ᠭᠠᠵᠠᠷ ᠣᠷᠣᠨ᠎ᠳᠤ ᠴᠢᠳᠠᠪᠤᠷᠢᠲᠠᠨ᠎ᠢ ᠨᠡᠩ ᠤᠷᠢᠳ ᠵᠶ᠋ᠠᠷ ᠬᠥᠭᠵᠢᠭᠦᠯᠬᠦ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠴᠢᠳᠠᠪᠤᠷᠢᠲᠠᠨ᠎ᠤ ᠨᠥᠬᠥᠷᠰᠡᠭ ᠬᠡᠯᠪᠡᠷᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠶᠡᠬᠡ᠎ᠪᠠᠷ ᠲᠦᠯᠬᠢᠨ ᠠᠬᠢᠭᠤᠯᠵᠤ᠂ ᠳᠦᠷᠢᠮ᠂ ᠣᠷᠴᠢᠨ ᠲᠣᠭᠣᠷᠢᠨ᠂ ᠬᠥᠭᠵᠢᠯᠲᠡ᠂ ᠠᠷᠠᠳ᠎ᠤᠨ ᠠᠮᠢᠳᠤᠷᠠᠯ᠂ ᠰᠣᠶᠣᠯ ᠵᠡᠷᠭᠡ ᠲᠠᠪᠤᠨ ᠲᠠᠯ᠎ᠠ᠎ᠠᠴᠠ ᠨᠥᠬᠥᠷᠰᠡᠭ ᠣᠢ᠌ᠯᠠᠭ᠋ᠠᠭᠳᠠᠬᠤᠨ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠴᠢᠳᠠᠪᠤᠷᠢᠲᠠᠨ᠎ᠤ ᠪᠦᠬᠦ ᠲᠠᠯ᠎ᠠ ᠵᠢᠨ ᠨᠥᠬᠥᠷᠰᠡᠭ ᠠᠮᠢ ᠠᠬᠤᠢ ᠵᠢ ᠬᠦᠴᠦᠨ ᠵᠶ᠋ᠡᠨ ᠲᠥᠪᠯᠡᠷᠡᠭᠦᠯᠦᠨ ᠪᠤᠢ ᠪᠣᠯᠭ᠋ᠠᠪᠠ᠃
《ᠰᠠᠭᠤᠷᠢ ᠲᠠᠯᠪᠢᠬᠤ · ᠵᠠᠮ ᠲᠠᠯᠪᠢᠬᠤ》᠎ᠳᠤ ᠬᠦᠴᠦ᠎ᠪᠠᠨ ᠲᠥᠪᠯᠡᠷᠡᠭᠦᠯᠵᠦ᠂ ᠶᠣᠰᠣᠷᠬᠠᠭ ᠬᠠᠷᠠᠭ᠋ᠠᠯᠵᠠᠯ ᠵᠶ᠋ᠠᠷ ᠴᠢᠳᠠᠪᠤᠷᠢᠲᠠᠨ᠎ᠢ ᠦᠨᠡᠨ ᠰᠡᠳᠬᠢᠯ᠎ᠠᠴᠠ᠎ᠪᠠᠨ ᠤᠷᠢᠨ᠎ᠠ
ᠨᠡᠩ ᠥᠨᠳᠥᠷ ᠵᠣᠭᠰᠣᠴᠠ᠎ᠠᠴᠠ ᠴᠢᠳᠠᠪᠤᠷᠢᠲᠠᠨ᠎ᠢ ᠴᠢᠬᠤᠯᠠᠴᠢᠯᠠᠨ᠎ᠠ᠃ ᠴᠢᠳᠠᠪᠤᠷᠢᠲᠠᠨ᠎ᠤ ᠳᠡᠭᠡᠳᠦ ᠬᠡᠮᠵᠢᠶ᠎ᠡ᠎ᠨᠢ ᠬᠤᠳᠠ ᠵᠢᠨ ᠳᠡᠭᠡᠳᠦ ᠬᠡᠮᠵᠢᠶ᠎ᠡ ᠵᠢ ᠲᠣᠭᠲᠠᠭ᠋ᠠᠵᠤ ᠪᠠᠢ᠌ᠳᠠᠭ᠃ ᠬᠣᠲᠠ ᠵᠢᠨ ᠨᠠᠮ᠎ᠤᠨ ᠬᠣᠷᠢᠶᠠᠨ᠎ᠤ ᠱᠦᠵᠢ᠂ ᠬᠣᠲᠠ ᠵᠢᠨ ᠳᠠᠷᠤᠭ᠎ᠠ᠎ᠪᠠᠷ ᠬᠣᠣᠰ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠰᠬᠠᠢ ᠠᠩᠭᠢ ᠵᠢ ᠪᠠᠢ᠌ᠭᠤᠯᠵᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ 《ᠨᠢᠭᠡᠳᠦᠭᠡᠷ ᠤᠳᠤᠷᠢᠳᠤᠯᠭ᠎ᠠ》᠎ᠪᠠᠷ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠭᠦᠸ᠋ ᠲᠤᠰᠢᠶᠠᠯᠲᠠᠨ》 《ᠴᠢᠳᠠᠪᠤᠷᠢᠲᠠᠨ ᠲᠦᠷᠦᠭᠦᠸ᠋ ᠲᠤᠰᠢᠶᠠᠯᠲᠠᠨ》 ᠪᠣᠯᠭ᠋ᠠᠬᠤ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ ᠴᠤᠭᠭ᠋ᠠᠷ ᠠᠳᠬᠤᠨ ᠬᠠᠮᠲᠤ᠎ᠪᠠᠷ ᠬᠠᠮᠢᠶᠠᠷᠬᠤ᠂ ᠱᠠᠲᠤ ᠱᠠᠲᠤ᠎ᠪᠠᠷ ᠨᠠᠢ᠌ᠳᠠᠪᠤᠷᠢᠵᠢᠭᠤᠯᠬᠤ ᠰᠠᠶ᠋ᠢᠨ ᠰᠠᠢ᠌ᠬᠠᠨ ᠪᠠᠢ᠌ᠷᠢᠰᠢᠯ᠎ᠢ ᠪᠤᠢ ᠪᠣᠯᠭ᠋ᠠᠵᠠᠢ᠃ ᠴᠢᠳᠠᠪᠤᠷᠢᠲᠠᠨ᠎ᠤ ᠠᠵᠢᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠳᠦᠷᠢᠮ᠎ᠢ ᠪᠠᠢ᠌ᠭᠤᠯᠵᠤ᠂ ᠭᠣᠣᠯᠳᠠᠯᠭ᠎ᠠ᠎ᠲᠠᠢ ᠠᠰᠠᠭᠤᠳᠠᠯ᠎ᠢ 《ᠨᠢᠭᠡ ᠭᠠᠷᠠᠭ᠎ᠲᠤ ᠨᠢᠭᠡ ᠤᠳᠠᠭ᠎ᠠ ᠲᠣᠬᠢᠷᠠᠭᠤᠯᠵᠤ᠂ ᠨᠢᠭᠡ ᠰᠠᠷ᠎ᠠ᠎ᠳᠤ ᠨᠢᠭᠡ ᠤᠳᠠᠭ᠎ᠠ ᠱᠠᠯᠠᠪᠳᠠᠭᠤᠯᠤᠨ ᠰᠢᠢ᠍ᠳᠪᠦᠷᠢᠯᠡᠭᠦᠯᠵᠦ》᠂ ᠴᠢᠳᠠᠪᠤᠷᠢᠲᠠᠨ᠎ᠤ ᠠᠵᠢᠯ᠎ᠤᠨ ᠦᠷ᠎ᠡ ᠪᠦᠲᠦᠮᠵᠢ ᠵᠢ ᠪᠦᠲᠦᠮᠵᠢᠲᠡᠢ᠎ᠪᠠᠷ ᠳᠡᠭᠡᠭᠰᠢᠯᠡᠭᠦᠯᠪᠡ᠃ 《ᠴᠢᠳᠠᠪᠤᠷᠢᠲᠠᠨ᠎ᠤ ᠲᠣᠭ᠋ᠠᠴᠢᠯᠲᠠ》 ᠵᠢ ᠨᠠᠮ᠎ᠤᠨ ᠪᠠᠢ᠌ᠭᠤᠯᠤᠯᠲᠠ ᠵᠢᠨ ᠲᠤᠰᠢᠶᠠᠯ᠎ᠤᠨ ᠮᠡᠳᠡᠭᠦᠯᠦᠯᠲᠡ ᠵᠢ ᠦᠨᠡᠯᠡᠨ ᠶᠠᠷᠢᠯᠴᠠᠬᠤ ᠴᠢᠬᠤᠯᠠ ᠠᠭᠤᠯᠭ᠎ᠠ ᠪᠣᠯᠭ᠋ᠠᠵᠤ᠂ ᠴᠢᠳᠠᠪᠤᠷᠢᠲᠠᠨ᠎ᠤ ᠠᠵᠢᠯ᠎ᠤᠨ ᠲᠤᠰᠬᠠᠢ ᠬᠢᠨᠠᠨ ᠰᠢᠯᠭ᠋ᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠳᠤᠮᠳᠠ ᠡᠵᠡᠯᠡᠬᠦ ᠬᠠᠷᠢᠴᠠᠯ᠎ᠢ ᠳᠡᠭᠡᠭᠰᠢᠯᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ 《ᠨᠢᠭᠡᠳᠦᠭᠡᠷ ᠤᠳᠤᠷᠢᠳᠤᠯᠭ᠎ᠠ》 ᠵᠢᠨ ᠴᠢᠳᠠᠪᠤᠷᠢᠲᠠᠨ᠎ᠤ ᠠᠵᠢᠯ᠎ᠢ ᠠᠳᠬᠤᠬᠤ ᠬᠠᠷᠢᠭᠤᠴᠠᠯᠭ᠎ᠠ ᠵᠢᠨ ᠤᠬᠠᠮᠰᠠᠷ᠎ᠢ ᠦᠨᠡᠨ ᠬᠦ᠌ ᠴᠢᠩᠭ᠋ᠠᠷᠠᠭᠤᠯᠵᠠᠢ᠃
ᠨᠡᠩ ᠴᠢᠩᠭ᠎ᠠ ᠲᠥᠷᠥ ᠵᠢᠨ ᠪᠣᠳᠣᠯᠭ᠎ᠠ᠎ᠪᠠᠷ ᠴᠢᠳᠠᠪᠤᠷᠢᠲᠠᠨ᠎ᠢ ᠲᠠᠲᠠᠨ᠎ᠠ᠃ ᠴᠢᠳᠠᠪᠤᠷᠢᠲᠠᠨ᠎ᠤ ᠥᠷᠢᠰᠥᠯᠳᠦᠭᠡᠨ᠎ᠨᠢ ᠶᠡᠬᠡᠬᠡᠨ ᠬᠡᠮᠵᠢᠶᠡᠨ ᠳᠡᠭᠡᠷ᠎ᠡ᠎ᠪᠠᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠥᠷᠢᠰᠦᠯᠳᠦᠭᠡᠨ ᠪᠣᠯᠣᠨ᠎ᠠ᠃ ᠢᠮᠠᠭᠲᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠲᠠᠢ ᠬᠠᠮᠲᠤ᠎ᠪᠠᠷ ᠰᠠᠨᠠᠯ ᠨᠢᠭᠡᠳᠴᠦ᠂ ᠴᠢᠳᠠᠪᠤᠷᠢᠲᠠᠨ᠎ᠤ ᠨᠥᠬᠥᠷᠰᠡᠭ ᠬᠡᠯᠪᠡᠷᠢ ᠵᠢᠨ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ 《ᠬᠣᠣᠰ 30 ᠵᠤᠷᠪᠤᠰ》᠎ᠢ ᠨᠡᠢ᠌ᠲᠡᠯᠡᠵᠦ᠂ 40 ᠭᠠᠷᠤᠢ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠢᠵᠢ ᠪᠦᠷᠢᠳᠦᠭᠦᠯᠦᠨ ᠲᠣᠭᠲᠠᠭ᠋ᠠᠵᠤ᠂ ᠡᠷᠴᠢᠮ ᠵᠶ᠋ᠡᠷ ᠴᠢᠩᠭ᠎ᠠ᠂ ᠠᠰᠢᠭ ᠲᠤᠰᠠ᠎ᠪᠠᠷ ᠥᠷᠭᠡᠨ᠂ ᠠᠮᠢᠳᠤᠯᠢᠭ ᠠᠷᠭ᠎ᠠ ᠮᠠᠶᠢᠭᠲᠠᠢ᠂ ᠬᠠᠷᠢᠴᠠᠭᠤᠯᠤᠭᠰᠠᠨ ᠳᠠᠪᠠᠭᠤᠯᠢᠭ ᠵᠶ᠋ᠠᠷ ᠲᠣᠪᠣᠢ᠌ᠮ᠎ᠠ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠠᠢ᠌ᠭᠤᠯᠪᠠ᠃ ᠲᠥᠷᠥ ᠵᠢᠨ ᠪᠣᠳᠣᠯᠭ᠎ᠠ ᠵᠢᠨ ᠬᠠᠷᠢᠯᠴᠠᠨ ᠨᠥᠬᠥᠪᠦᠷᠢᠯᠡᠵᠦ ᠬᠠᠮᠵᠢᠯᠴᠠᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠲᠥᠷᠥ ᠵᠢᠨ ᠪᠣᠳᠣᠯᠭ᠎ᠠ ᠵᠢᠨ 《2.0 ᠬᠡᠪᠯᠡᠯ》᠎ᠢ ᠳᠠᠬᠢᠨ ᠳᠠᠪᠲᠠᠨ ᠨᠡᠢ᠌ᠲᠡᠯᠡᠵᠦ᠂ 《ᠠᠵᠤ ᠦᠢ᠍ᠯᠡᠰ᠎ᠤᠨ ᠪᠦᠯᠦᠭᠯᠡᠯ᠎ᠤᠨ ᠬᠥᠭᠵᠢᠯᠲᠡ ᠵᠢ ᠳᠡᠮᠵᠢᠬᠦ 12 ᠵᠤᠷᠪᠤᠰ》 《ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ 5.0 ᠬᠡᠪᠯᠡᠯ》 ᠵᠡᠷᠭᠡ ᠠᠯᠢ ᠤᠯᠠᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠢ᠌ᠯᠬᠦ᠂ ᠰᠠᠶ᠋ᠢᠲᠤᠷ ᠬᠡᠷᠡᠭᠯᠡᠬᠦ᠂ ᠴᠢᠳᠠᠪᠤᠷᠢ᠎ᠪᠠᠨ ᠪᠠᠳᠠᠷᠠᠭᠤᠯᠵᠤ ᠳᠡᠢ᠌ᠯᠬᠦ᠎ᠳᠤ ᠬᠠᠮᠤᠭ᠎ᠤᠨ ᠰᠠᠶ᠋ᠢᠨ ᠲᠥᠷᠥ ᠵᠢᠨ ᠪᠣᠳᠣᠯᠭ᠎ᠠ ᠵᠢᠨ ᠣᠷᠴᠢᠨ ᠨᠥᠬᠥᠴᠡᠯ᠎ᠢ ᠪᠤᠢ ᠪᠣᠯᠭ᠋ᠠᠵᠤ ᠥᠭᠴᠡᠢ᠃
ᠨᠡᠩ ᠰᠢᠯᠢᠳᠡᠭ ᠡᠬᠢ ᠪᠠᠶᠠᠯᠢᠭ ᠵᠶ᠋ᠠᠷ ᠴᠢᠳᠠᠪᠤᠷᠢᠲᠠᠨ᠎ᠳᠤ ᠬᠦᠴᠦᠨ ᠣᠯᠭᠣᠨ᠎ᠠ᠃ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠪᠡᠯᠡ ᠣᠷᠣᠭᠤᠯᠤᠯᠲᠠ ᠵᠢ ᠦᠷᠭᠦᠯᠵᠢᠯᠡᠨ ᠲᠣᠭᠲᠠᠭᠤᠨ ᠪᠠᠢ᠌ᠯᠭ᠋ᠠᠬᠤ ᠪᠣᠯ ᠴᠢᠳᠠᠪᠤᠷᠢᠲᠠᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠲᠤ ᠪᠡᠬᠢ ᠰᠠᠭᠤᠷᠢ ᠪᠣᠯᠣᠨ᠎ᠠ᠃ ᠴᠢᠳᠠᠪᠤᠷᠢᠲᠠᠨ᠎ᠤ ᠲᠤᠰᠬᠠᠢ ᠪᠡᠯᠡ ᠮᠥᠩᠭᠥ ᠵᠢᠨ ᠣᠷᠣᠭᠤᠯᠤᠯᠲᠠ ᠵᠢᠯ ᠪᠦᠷᠢ ᠳᠤᠮᠳᠠᠴᠢ᠎ᠪᠠᠷ 75%᠎ᠠᠴᠠ ᠳᠡᠭᠡᠭᠰᠢ ᠥᠨᠳᠥᠷ ᠨᠡᠮᠡᠭᠳᠡᠯ᠎ᠲᠠᠢ ᠪᠠᠢ᠌ᠵᠤ᠂ ᠪᠥᠬᠥ ᠬᠣᠲᠠ ᠵᠢᠨ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠮᠡᠷᠭᠡᠵᠢᠯ᠂ ᠴᠢᠳᠠᠪᠤᠷᠢᠲᠠᠨ᠎ᠤ ᠣᠷᠣᠭᠤᠯᠤᠯᠲᠠ ᠲᠣᠰ ᠲᠣᠰ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯᠴᠢ ᠵᠢᠨ᠎ᠬᠢ᠎ᠠᠴᠠ 45%᠂ 189% ᠪᠠ 100%᠎ᠪᠠᠷ ᠨᠡᠮᠡᠭᠳᠡᠵᠦ᠂ ᠲᠣᠭᠲᠠᠭ᠋ᠠᠭᠰᠠᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ 4 ᠵᠢᠯ ᠳᠠᠷᠠᠭ᠋ᠠᠯᠠᠨ 20%᠎ᠠᠴᠠ ᠳᠡᠭᠡᠭᠰᠢ ᠨᠡᠮᠡᠭᠳᠡᠯ᠎ᠲᠠᠢ ᠪᠠᠶ᠋ᠢᠬᠤ ᠵᠢ ᠪᠠᠲᠤᠯᠠᠪᠠ᠃ ᠪᠡᠯᠡ ᠮᠥᠩᠭᠥ ᠵᠢᠨ ᠳᠡᠮᠵᠢᠯᠭᠡ ᠵᠢ ᠯᠠᠪᠳᠠᠭᠤᠨ ᠪᠠᠲᠤᠲᠠᠢ ᠪᠡᠶᠡᠯᠡᠭᠦᠯᠵᠦ᠂ 3 ᠵᠢᠯ᠎ᠤᠨ ᠲᠤᠷᠰᠢ ᠡᠯ᠎ᠡ ᠲᠥᠷᠥᠯ᠎ᠤᠨ ᠴᠢᠳᠠᠪᠤᠷᠢᠲᠠᠨ᠎ᠤ ᠱᠠᠩᠨᠠᠯ ᠨᠥᠬᠥᠪᠦᠷᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠯᠡ ᠮᠥᠩᠭᠥ ᠵᠢ ᠨᠠᠢ᠌ᠳᠠ 10 ᠳ᠋ᠦᠩᠰᠢᠭᠤᠷ ᠭᠠᠷᠤᠢ ᠲᠥᠭᠥᠷᠢᠭ ᠲᠠᠷᠬᠠᠭ᠋ᠠᠪᠠ᠃ 《ᠲᠠᠪᠤᠨ 100》 ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠤ ᠰᠠᠭᠤᠷᠢ ᠮᠥᠩᠭᠥ ᠵᠢ ᠪᠠᠢ᠌ᠭᠤᠯᠵᠤ᠂ 《ᠴᠢᠳᠠᠪᠤᠷᠢᠲᠠᠨ᠎ᠤ ᠣᠷᠣᠭᠤᠯᠤᠯᠲᠠ》᠂ 《ᠴᠢᠳᠠᠪᠤᠷᠢᠲᠠᠨ᠎ᠤ ᠵᠢᠭᠡᠯᠡᠯᠭᠡ》᠂ 《ᠴᠢᠳᠠᠪᠤᠷᠢᠲᠠᠨ᠎ᠤ ᠪᠠᠲᠤᠯᠠᠭ᠎ᠠ》 ᠵᠡᠷᠭᠡ ᠮᠥᠩᠭᠥᠨ ᠭᠦᠢ᠍ᠯᠭᠡᠭᠡᠨ᠎ᠤ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠴᠢᠳᠠᠪᠤᠷᠢᠲᠠᠨ᠎ᠤ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠪᠦᠬᠦ ᠶᠠᠪᠤᠴᠠ᠎ᠳᠤ ᠬᠦᠴᠦᠨ ᠣᠯᠭᠣᠪᠠ᠃
ᠬᠦᠴᠦᠨ ᠵᠶ᠋ᠡᠨ ᠲᠥᠪᠯᠡᠷᠡᠭᠦᠯᠦᠨ 《ᠲᠠᠪᠴᠠᠩ · ᠱᠠᠲᠤ ᠪᠠᠢ᠌ᠭᠤᠯᠵᠤ》᠂ ᠥᠩ ᠰᠢᠮᠡᠯᠢᠭ ᠬᠥᠷᠥᠰᠥ ᠰᠢᠷᠣᠢ ᠵᠢ ᠪᠤᠢ ᠪᠣᠯᠭ᠋ᠠᠵᠤ ᠴᠢᠳᠠᠪᠤᠷᠢᠲᠠᠨ᠎ᠢ ᠬᠥᠮᠥᠵᠢᠭᠦᠯᠦᠨ᠎ᠡ
ᠰᠢᠨ᠎ᠡ ᠵᠢ ᠡᠭᠦᠳᠬᠦ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠴᠢᠳᠠᠪᠤᠷᠢᠲᠠᠨ᠎ᠢ ᠪᠣᠢ᠌ᠵᠢᠭᠤᠯᠬᠤ ᠰᠢᠨ᠎ᠡ ᠥᠨᠳᠥᠷᠯᠢᠭ᠎ᠢ ᠪᠤᠢ ᠪᠣᠯᠭ᠋ᠠᠨ᠎ᠠ᠃ ᠴᠢᠳᠠᠪᠤᠷᠢᠲᠠᠨ᠎ᠢ ᠲᠠᠲᠠᠬᠤ ᠪᠠ ᠦᠯᠡᠳᠡᠭᠡᠬᠦ ᠵᠢᠨ ᠵᠠᠩᠭᠢᠯᠠᠭ᠎ᠠ᠎ᠨᠢ ᠴᠢᠳᠠᠪᠤᠷᠢᠲᠠᠨ᠎ᠤ ᠬᠥᠭᠵᠢᠯᠲᠡ᠎ᠳᠤ ᠲᠣᠬᠢᠷᠠᠭᠰᠠᠨ ᠲᠠᠪᠴᠠᠩ ᠪᠠ ᠠᠬᠤᠢ ᠪᠠᠶ᠋ᠢᠳᠠᠯ᠎ᠢ ᠪᠤᠢ ᠪᠣᠯᠭ᠋ᠠᠬᠤ᠎ᠳᠤ ᠪᠠᠢ᠌ᠨ᠎ᠠ᠃ ᠰᠢᠨ᠎ᠡ ᠵᠢ ᠡᠭᠦᠳᠬᠦ ᠲᠠᠪᠴᠠᠩ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠲᠠᠢ ᠭᠠᠷ ᠬᠣᠯᠪᠣᠨ ᠪᠡᠭᠡᠵᠢᠩ ᠶᠡᠬᠡ ᠰᠤᠷᠭ᠋ᠠᠭᠤᠯᠢ ᠵᠢᠨ ᠣᠷᠳᠣᠰ᠎ᠤᠨ ᠡᠨᠧᠷᠭᠢ ᠵᠢᠨ ᠰᠤᠳᠤᠯᠭ᠋ᠠᠨ᠎ᠤ ᠬᠦᠷᠢᠶᠡᠯᠡᠩ᠂ ᠣᠷᠳᠣᠰ᠎ᠤᠨ ᠲᠤᠷᠰᠢᠯᠲᠠ ᠵᠢᠨ ᠲᠠᠰᠤᠭ᠂ ᠤᠯᠠᠨ ᠤᠯᠤᠰ᠎ᠤᠨ ᠴᠦᠯᠯᠡᠷᠭᠡᠭᠵᠢᠯ᠎ᠢ ᠰᠡᠷᠭᠡᠢ᠌ᠯᠡᠨ ᠵᠠᠰᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ 11 ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠪᠠ; ᠭᠣᠣᠯᠳᠠᠯᠭ᠎ᠠ᠎ᠲᠠᠢ ᠠᠵᠤ ᠦᠢ᠍ᠯᠡᠰ᠂ ᠭᠣᠣᠯᠳᠠᠯᠭ᠎ᠠ᠎ᠲᠠᠢ ᠲᠠᠪᠴᠠᠩ᠎ᠳᠤ ᠲᠦᠰᠢᠭᠯᠡᠨ᠂ ᠠᠺᠠᠳᠧᠮᠢᠴᠢ ᠲᠤᠰᠬᠠᠢ ᠮᠡᠷᠭᠡᠵᠢᠯᠲᠡᠨ᠎ᠤ ᠠᠵᠢᠯ᠎ᠤᠨ ᠥᠷᠲᠡᠭᠡ 10᠂ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠤᠨ ᠥᠷᠲᠡᠭᠡ 12᠂ ᠤᠯᠤᠰ᠎ᠤᠨ ᠲᠠᠰ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠴᠢᠶᠠᠯᠠᠪᠤᠷᠢ ᠵᠢᠨ ᠲᠠᠪᠴᠠᠩ 35᠂ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠴᠢᠶᠠᠯᠠᠪᠤᠷᠢ ᠵᠢᠨ ᠲᠠᠪᠴᠠᠩ᠎ᠢ ᠨᠠᠢ᠌ᠳᠠ 300 ᠭᠠᠷᠤᠢ ᠪᠠᠢ᠌ᠭᠤᠯᠪᠠ᠃ ᠴᠢᠳᠠᠪᠤᠷᠢᠲᠠᠨ᠎ᠢ ᠳᠠᠭ᠋ᠠᠭᠤᠯᠤᠨ ᠬᠥᠮᠥᠵᠢᠭᠦᠯᠬᠦ 《ᠡᠮᠦᠨ᠎ᠡ ᠹᠷᠣᠨᠲ᠎ᠤᠨ ᠵᠢᠭᠰᠠᠭ᠋ᠠᠯ᠎ᠤᠨ ᠭᠠᠵᠠᠷ》᠎ᠢ ᠥᠷᠭᠡᠳᠬᠡᠨ᠂ ᠪᠡᠭᠡᠵᠢᠩ᠂ ᠱᠠᠩᠬᠠᠢ᠂ ᠱᠧᠨᠵᠧᠨ᠂ ᠰᠢᠶᠦ᠋ᠩ ᠠᠨ ᠵᠡᠷᠭᠡ ᠭᠠᠵᠠᠷ᠎ᠲᠤ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠨᠢᠰᠦᠯᠭᠡ ᠭᠠᠵᠠᠷ᠎ᠢ ᠪᠠᠢ᠌ᠭᠤᠯᠵᠤ᠂ ᠭᠠᠳᠠᠷ ᠣᠷᠣᠨ᠎ᠳᠤ ᠰᠤᠳᠤᠯᠤᠨ ᠨᠡᠭᠡᠭᠡᠵᠦ ᠨᠡᠪᠴᠢᠭᠦᠯᠵᠦ᠂ ᠣᠷᠳᠣᠰ᠎ᠲᠤ ᠤᠯᠠᠷᠢᠭᠤᠯᠤᠨ ᠬᠡᠷᠡᠭᠯᠡᠬᠦ ᠵᠢ ᠪᠡᠶᠡᠯᠡᠭᠦᠯᠵᠡᠢ᠃
ᠠᠵᠤ ᠦᠢ᠍ᠯᠡᠰ ᠪᠣᠯᠣᠨ ᠴᠢᠳᠠᠪᠤᠷᠢᠲᠠᠨ᠎ᠢ ᠠᠭᠤᠰᠤᠯᠴᠠᠭᠤᠯᠬᠤ ᠵᠢ ᠪᠠᠷᠢᠮᠲᠠᠯᠠᠵᠤ᠂ ᠴᠢᠳᠠᠪᠤᠷᠢᠲᠠᠨ᠎ᠢ ᠰᠢᠩᠭᠡᠬᠡᠨ ᠠᠪᠬᠤ ᠴᠢᠩᠭ᠎ᠠ ᠰᠣᠷᠢᠨᠵᠢᠨ ᠣᠷᠣᠨ᠎ᠢ ᠪᠤᠢ ᠪᠣᠯᠭ᠋ᠠᠨ᠎ᠠ᠃ ᠠᠵᠤ ᠦᠢ᠍ᠯᠡᠰ ᠪᠣᠯᠣᠨ ᠴᠢᠳᠠᠪᠤᠷᠢᠲᠠᠨ᠎ᠢ ᠬᠠᠮᠲᠤ᠎ᠪᠠᠷ ᠴᠡᠴᠡᠭᠯᠡᠭᠦᠯᠦᠨ ᠬᠠᠮᠲᠤ᠎ᠪᠠᠷ ᠤᠷᠤᠭᠰᠢᠯᠠᠭᠤᠯᠬᠤ ᠵᠢ ᠪᠡᠶᠡᠯᠡᠭᠦᠯᠬᠦ ᠪᠣᠯ ᠣᠷᠳᠣᠰ ᠬᠤᠳᠠ ᠵᠢ ᠬᠥᠭᠵᠢᠭᠦᠯᠬᠦ ᠵᠢᠨ ᠬᠠᠮᠤᠭ᠎ᠤᠨ ᠶᠡᠬᠡ ᠢᠳᠡ ᠬᠦᠴᠦᠨ ᠮᠥᠨ᠃ ᠠᠵᠤ ᠦᠢ᠍ᠯᠡᠰ᠎ᠤᠨ ᠤᠯᠠᠨ ᠡᠰᠢᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠵᠢ ᠬᠤᠳᠠ ᠵᠢᠨ ᠬᠥᠭᠵᠢᠯᠲᠡ ᠵᠢᠨ ᠬᠠᠮᠤᠭ᠎ᠤᠨ ᠰᠢᠯᠢᠳᠡᠭ ᠲᠠᠢ᠌ᠯᠪᠤᠷᠢᠯᠠᠯᠲᠠ ᠪᠣᠯᠭ᠋ᠠᠵᠤ᠂ ᠴᠢᠳᠠᠪᠤᠷᠢᠲᠠᠨ᠎ᠲᠠᠢ ᠨᠢᠭᠲᠠ ᠨᠥᠬᠥᠴᠡᠯᠳᠦᠭᠰᠡᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠵᠤ᠂ ᠴᠢᠳᠠᠪᠤᠷᠢᠲᠠᠨ᠎ᠢ 《ᠦᠨᠳᠦᠰᠦᠯᠡᠭᠦᠯᠬᠦ》 ᠮᠥᠷᠲᠡᠭᠡᠨ ᠪᠠᠰᠠ 《ᠵᠢᠮᠢᠰᠯᠡᠬᠦ》 ᠪᠣᠯᠭ᠋ᠠᠵᠤ ᠴᠢᠳᠠᠬᠤ ᠪᠣᠯᠭ᠋ᠠᠨ᠎ᠠ᠃ 《ᠳᠥᠷᠪᠡᠨ ᠳᠡᠯᠡᠬᠡᠢ ᠵᠢᠨ ᠲᠠᠰ᠎ᠤᠨ ᠠᠵᠤ ᠦᠢ᠍ᠯᠡᠰ》᠎ᠢ ᠪᠠᠢ᠌ᠭᠤᠯᠬᠤ ᠬᠠᠷᠠᠯᠲᠠᠲᠤ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠬᠡᠯᠬᠢᠶ᠎ᠡ ᠵᠢ ᠨᠥᠬᠥᠪᠦᠷᠢᠯᠡᠵᠦ ᠬᠡᠯᠬᠢᠶ᠎ᠡ ᠵᠢ ᠴᠢᠩᠭ᠋ᠠᠳᠬᠠᠬᠤ ᠬᠡᠷᠡᠭᠴᠡᠭᠡ᠎ᠪᠠᠷ ᠭᠣᠣᠯᠯᠠᠭᠤᠯᠤᠨ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠨᠠᠷᠢᠨ ᠬᠠᠭᠤᠳᠠᠰᠤ ᠪᠠ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ᠎ᠤ ᠨᠡᠷᠡᠰ᠎ᠤᠨ ᠵᠢᠭᠰᠠᠭ᠋ᠠᠯᠲᠠ ᠵᠢ ᠨᠠᠢ᠌ᠷᠠᠭᠤᠯᠤᠨ ᠵᠣᠬᠢᠶᠠᠪᠠ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ 6 ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ 《ᠱᠠᠩᠨᠠᠨ ᠬᠥᠬᠢᠭᠦᠯᠬᠦ》 ᠲᠥᠷᠥᠯ ᠵᠦᠢ᠍ᠯᠡᠰ᠎ᠢ ᠡᠬᠢᠯᠡᠭᠦᠯᠦᠨ ᠬᠡᠷᠡᠭᠵᠢᠭᠦᠯᠪᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠡᠯᠰᠡᠵᠦ ᠣᠶᠤᠨ ᠤᠬᠠᠭ᠋ᠠᠨ ᠬᠤᠷᠠᠭᠤᠯᠬᠤ 《ᠬᠣᠶᠠᠷ ᠲᠠᠯ᠎ᠠ᠎ᠪᠠᠷ ᠠᠳᠬᠤᠬᠤ》 ᠵᠢ ᠪᠠᠷᠢᠮᠲᠠᠯᠠᠵᠤ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ ᠠᠷᠪᠢᠯᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠪᠣᠳᠣᠯᠭ᠎ᠠ ᠵᠢᠨ ᠬᠦᠴᠦᠨ᠎ᠤ ᠰᠦᠯᠵᠢᠶ᠎ᠡ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠶᠤᠨᠲᠤ ᠰᠦᠯᠵᠢᠶ᠎ᠡ ᠵᠢᠨ ᠰᠢᠨ᠎ᠡ ᠵᠢ ᠡᠭᠦᠳᠬᠦ ᠲᠥᠪ᠎ᠢ ᠬᠣᠯᠪᠣᠬᠤ᠂ 《ᠡᠯᠡᠰᠦ ᠮᠠᠩᠬ᠎ᠠ ᠵᠢ ᠬᠥᠷᠥᠰᠥᠵᠢᠭᠦᠯᠬᠦ》 ᠠᠮᠢ ᠠᠬᠤᠢ ᠵᠢ ᠶᠡᠷᠦᠩᠬᠡᠢ᠌ᠯᠡᠨ ᠵᠠᠰᠠᠬᠤ᠂ ᠰᠢᠩᠭᠡᠨᠵᠢᠮᠡᠯ ᠪᠠᠶ᠋ᠢᠭ᠋ᠠᠯᠢ ᠵᠢᠨ ᠰᠢᠲᠠᠮᠠᠬᠠᠢ ᠬᠡᠢ᠎ᠠᠴᠠ ᠥᠨᠳᠥᠷ ᠴᠡᠪᠡᠷ ᠾᠧᠯᠢ ᠬᠡᠢ ᠵᠢ ᠭᠠᠷᠭ᠋ᠠᠨ ᠠᠪᠬᠤ᠂ ᠨᠡᠭᠦᠷᠡᠰᠦ ᠵᠢ ᠴᠡᠪᠡᠷᠰᠢᠭᠦᠯᠦᠨ ᠣᠨᠳᠣᠣᠰᠢᠭᠤᠯᠬᠤ ᠪᠠ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢ ᠳᠣᠣᠷ᠎ᠠ ᠨᠠᠭᠦᠷᠡᠰᠦᠲᠦ᠋ᠷᠦᠭᠴᠢ᠎ᠪᠠᠷ ᠠᠭᠤᠰᠤᠯᠴᠠᠭᠤᠯᠬᠤ ᠵᠡᠷᠭᠡ 23 ᠳᠡᠭᠡᠳᠦ ᠲᠡᠰ ᠳᠠᠪᠬᠤᠷᠭ᠎ᠠ ᠵᠢᠨ ᠴᠢᠳᠠᠪᠤᠷᠢᠲᠠᠨ᠎ᠤ ᠳᠦᠷᠦᠯ ᠵᠦᠢ᠍ᠯ᠎ᠢ ᠵᠠᠯᠭ᠋ᠠᠪᠡᠷ ᠪᠣᠳᠠᠲᠠᠢ᠎ᠳᠤ ᠨᠠᠢ᠌ᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠪᠠ᠃
ᠤᠯᠠᠨ ᠲᠠᠯ᠎ᠠ᠎ᠪᠠᠷ ᠬᠦᠴᠦᠯᠡᠬᠦ᠂ ᠴᠢᠳᠠᠪᠤᠷᠢᠲᠠᠨ ᠬᠤᠷᠠᠮᠳᠤᠭᠤᠯᠬᠤ ᠴᠥᠭᠥᠷᠥᠮ᠎ᠢ ᠭᠦᠢ᠍ᠴᠡᠳ ᠪᠠᠢ᠌ᠯᠭ᠋ᠠᠬᠤ ᠵᠢ ᠪᠠᠷᠢᠮᠲᠠᠯᠠᠨ᠎ᠠ᠃ ᠡᠷᠳᠡᠮᠲᠡᠨ ᠮᠡᠷᠭᠡᠳ᠎ᠢ ᠲᠡᠳᠡᠨ ᠣᠷᠣᠭᠤᠯᠬᠤ ᠵᠠᠮ᠎ᠢ ᠥᠷᠭᠡᠳᠬᠡᠵᠦ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠡᠷ ᠴᠤᠭᠯᠠᠭᠤᠯᠬᠤ ᠪᠣᠯ ᠴᠢᠳᠠᠪᠤᠷᠢᠲᠠᠨ᠎ᠤ ᠡᠩᠨᠡᠭᠡᠨ᠎ᠤ ᠪᠠᠢ᠌ᠭᠤᠯᠤᠯᠲᠠ ᠵᠢ ᠲᠦᠷᠭᠡᠳᠬᠡᠬᠦ ᠬᠠᠮᠤᠭ᠎ᠤᠨ ᠪᠦᠲᠦᠮᠵᠢᠲᠡᠢ ᠠᠷᠭ᠎ᠠ ᠬᠡᠮᠵᠢᠶ᠎ᠡ ᠮᠥᠨ᠃ ᠲᠥᠷᠥᠯ ᠵᠦᠢ᠍ᠯ᠎ᠤᠨ ᠬᠠᠮᠲᠤᠷᠠᠯᠴᠠᠭ᠎ᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ 27 ᠪᠦᠯᠦᠭ 72 ᠬᠥᠮᠥᠨ ᠤᠳᠠᠭ᠎ᠠ ᠵᠢᠨ ᠠᠺᠠᠳᠧᠮᠢᠴᠢ ᠵᠢ ᠤᠷᠢᠵᠤ ᠣᠷᠳᠣᠰ᠎ᠲᠤ ᠬᠦᠷᠴᠦ ᠰᠢᠨᠵᠢᠯᠡᠨ ᠪᠠᠢ᠌ᠴᠠᠭ᠋ᠠᠯᠭ᠋ᠠᠵᠤ᠂ 《ᠬᠣᠶᠠᠷ᠎ᠢ ᠤᠷᠢᠬᠤ》 ᠠᠷᠭ᠎ᠠ ᠮᠠᠶᠢᠭ ᠵᠶ᠋ᠠᠷ 4 ᠠᠺᠠᠳᠧᠮᠢᠴᠢ ᠵᠢ ᠣᠷᠣᠭᠤᠯᠤᠨ ᠠᠪᠴᠢᠷᠠᠵᠤ᠂ 10 ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠪᠦᠯᠬᠦᠮ᠎ᠢ ᠳᠠᠶ᠋ᠢᠴᠢᠯᠠᠨ ᠰᠢᠨ᠎ᠡ ᠵᠢ ᠡᠭᠦᠳᠬᠦ ᠰᠤᠳᠤᠯᠤᠨ ᠨᠡᠭᠡᠭᠡᠬᠦ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠨ ᠬᠡᠷᠡᠭᠵᠢᠭᠦᠯᠵᠦ᠂ 18 ᠠᠺᠠᠳᠧᠮᠢᠴᠢ᠂ 200 ᠭᠠᠷᠤᠢ ᠳᠡᠭᠡᠳᠦ ᠲᠠᠰ ᠳᠠᠪᠬᠤᠷᠭ᠎ᠠ ᠵᠢᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠤᠶᠠᠨ ᠴᠢᠨᠠᠷᠲᠠᠢ᠎ᠪᠠᠷ ᠡᠯᠰᠡᠪᠡ᠃ 《ᠠᠷᠪᠠᠨ ᠲᠦᠮᠡᠨ ᠵᠠᠯᠠᠭᠤᠴᠤᠳ ᠳᠤᠯᠠᠭ᠋ᠠᠨ ᠬᠤᠳᠠ᠎ᠳᠤ ᠴᠤᠭᠯᠠᠷᠠᠬᠤ》 ᠲᠥᠯᠥᠪᠯᠡᠭᠡ ᠵᠢ ᠬᠡᠷᠡᠭᠵᠢᠭᠦᠯᠵᠦ᠂ ᠤᠯᠤᠰ᠎ᠤᠨ ᠳᠣᠲᠣᠭ᠋ᠠᠳᠤ ᠵᠢᠨ 50 ᠭᠠᠷᠤᠢ 《ᠬᠣᠣᠰ ᠲᠡᠷᠢᠭᠦᠨ ᠵᠡᠷᠭᠡ》 ᠵᠢᠨ ᠶᠡᠬᠡ ᠳᠡᠭᠡᠳᠦ ᠰᠤᠷᠭ᠋ᠠᠭᠤᠯᠢ᠎ᠳᠤ ᠬᠦᠷᠴᠦ 《ᠳᠤᠯᠠᠭ᠋ᠠᠨ ᠬᠤᠳᠠ ᠵᠢᠨ ᠤᠷᠢᠯᠭ᠎ᠠ》᠎ᠪᠠᠷ ᠴᠢᠳᠠᠪᠤᠷᠢᠲᠠᠨ᠎ᠢ ᠲᠠᠲᠠᠬᠤ ᠠᠵᠢᠯᠯᠠᠭ᠎ᠠ ᠵᠢ ᠥᠷᠨᠢᠭᠦᠯᠪᠡ᠃ ᠰᠢᠨ᠎ᠡ ᠵᠢ ᠡᠭᠦᠳᠬᠦ ᠰᠤᠳᠤᠯᠤᠨ ᠨᠡᠭᠡᠭᠡᠬᠦ ᠴᠢᠳᠠᠪᠤᠷᠢᠲᠠᠨ᠎ᠤ 《ᠵᠠᠰᠠᠭ ᠠᠵᠤ ᠠᠬᠤᠢ᠌ᠯᠠᠯ ᠬᠣᠶᠠᠷ᠎ᠢ ᠡᠯᠰᠡᠬᠦ᠂ ᠬᠠᠮᠲᠤᠷᠠᠨ ᠬᠥᠮᠥᠵᠢᠭᠦᠯᠬᠦ》᠂ ᠶᠡᠬᠡ ᠳᠡᠭᠡᠳᠦ ᠰᠤᠷᠭ᠋ᠠᠭᠤᠯᠢ ᠬᠢᠭᠡᠳ ᠠᠵᠤ ᠠᠬᠤᠢ᠌ᠯᠠᠯ᠎ᠤᠨ ᠭᠣᠣᠯᠯᠠᠭᠴᠢ ᠴᠢᠳᠠᠪᠤᠷᠢᠲᠠᠨ᠎ᠤ 《ᠬᠣᠣᠰ ᠴᠢᠭᠯᠡᠯ ᠵᠶ᠋ᠡᠷ ᠲᠣᠮᠢᠯᠠᠬᠤ》᠂ ᠠᠰᠫᠢᠷᠠᠨᠲ᠎ᠤᠨ ᠰᠤᠳᠤᠯᠬᠤ ᠰᠣᠷᠣᠭᠴᠢ ᠵᠢ 《ᠤᠷᠢᠳᠴᠢᠯᠠᠨ ᠣᠷᠣᠭᠤᠯᠵᠤ ᠠᠪᠴᠢᠷᠠᠬᠤ》 ᠵᠡᠷᠭᠡ ᠴᠢᠳᠠᠪᠤᠷᠢᠲᠠᠨ᠎ᠢ ᠣᠷᠣᠭᠤᠯᠤᠨ ᠬᠥᠮᠥᠵᠢᠭᠦᠯᠬᠦ ᠰᠢᠨ᠎ᠡ ᠠᠷᠭ᠎ᠠ ᠬᠡᠮᠵᠢᠶ᠎ᠡ ᠵᠢ ᠬᠡᠷᠡᠭᠵᠢᠭᠦᠯᠵᠡᠢ᠃ ᠪᠥᠬᠥ ᠪᠥᠮᠪᠥᠷᠴᠡᠭ᠎ᠲᠤ ᠬᠠᠨᠳᠤᠭᠤᠯᠤᠨ ᠬᠣᠶᠠᠷ ᠬᠤᠭᠤᠴᠠᠭ᠋ᠠᠨ᠎ᠤ 《ᠣᠷᠳᠣᠰ ᠬᠤᠨᠳᠠᠭ᠋ᠠᠲᠤ》 ᠰᠢᠨ᠎ᠡ ᠵᠢ ᠡᠭᠦᠳᠬᠦ ᠦᠢ᠍ᠯᠡᠰ ᠴᠣᠭᠴᠠᠯᠠᠬᠤ ᠤᠷᠤᠯᠳᠤᠭ᠋ᠠᠨ᠎ᠢ ᠡᠷᠭᠢᠯᠡᠵᠦ᠂ 《ᠣᠷᠳᠣᠰ᠎ᠤᠨ ᠰᠣᠶᠣᠯ᠎ᠤᠨ ᠬᠤᠪᠢᠯᠭ᠋ᠠᠨ ᠣᠷᠣᠨ᠎ᠤ ᠠᠶᠠᠯᠠᠯ》 《ᠲᠣᠮᠣ ᠰᠠᠭᠤᠳᠠᠯ᠎ᠤᠨ ᠮᠠᠰᠢᠨ ᠵᠶ᠋ᠠᠷ ᠳᠤᠮᠳᠠᠳᠤ ᠤᠯᠤᠰ᠎ᠢ ᠪᠠᠷᠠᠯᠠᠬᠤ》 ᠵᠡᠷᠭᠡ ᠬᠣᠲᠠ ᠵᠢᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠵᠢ ᠥᠷᠨᠢᠭᠦᠯᠵᠦ᠂ ᠴᠢᠩᠬᠤᠸᠠ ᠶᠡᠬᠡ ᠰᠤᠷᠭ᠋ᠠᠭᠤᠯᠢ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ 20 ᠭᠠᠷᠤᠢ ᠳᠡᠭᠡᠳᠦ ᠰᠤᠷᠭ᠋ᠠᠭᠤᠯᠢ᠎ᠲᠠᠢ ᠵᠣᠯᠭ᠋ᠠᠭᠤᠯᠤᠨ ᠦᠢ᠍ᠯᠡᠳᠦᠯᠭᠡ ᠵᠢᠨ ᠰᠠᠭᠤᠷᠢᠨ ᠭᠠᠵᠠᠷ ᠪᠠᠢ᠌ᠭᠤᠯᠵᠤ᠂ ᠴᠢᠳᠠᠪᠤᠷᠢᠲᠠᠨ᠎ᠤ ᠰᠣᠯᠢᠯᠴᠠᠭ᠋ᠠᠨ᠎ᠤ ᠬᠠᠯᠠᠮᠰᠢᠯ ᠲᠠᠰᠤᠷᠠᠯᠲᠠ ᠦᠭᠡᠢ ᠳᠡᠭᠡᠭᠰᠢᠯᠡᠪᠡ᠃ ᠣᠢ᠌ᠷ᠎ᠠ ᠵᠢᠨ ᠭᠤᠷᠪᠠᠨ ᠵᠢᠯ᠎ᠳᠤ᠂ ᠰᠢᠨ᠎ᠡ᠎ᠪᠠᠷ ᠣᠷᠣᠭᠤᠯᠤᠭᠰᠠᠨ ᠠᠰᠫᠢᠷᠠᠨᠲ᠎ᠤᠨ ᠰᠤᠳᠤᠯᠬᠤ ᠰᠣᠷᠣᠭᠴᠢ ᠪᠠ ᠭᠣᠣᠯᠳᠠᠯᠭ᠎ᠠ᠎ᠲᠠᠢ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ ᠵᠢᠨ ᠰᠣᠷᠣᠭᠴᠢ 3000 ᠭᠠᠷᠤᠢ ᠪᠣᠯᠵᠠᠢ᠃
《ᠨᠡᠷᠡᠲᠦ ᠲᠡᠮᠳᠡᠭ · ᠴᠢᠨᠠᠷ ᠴᠢᠨᠰᠠᠭ᠎ᠠ》᠎ᠳᠤ ᠬᠦᠴᠦ᠎ᠪᠠᠨ ᠲᠥᠪᠯᠡᠷᠡᠭᠦᠯᠵᠦ᠂ ᠰᠡᠳᠬᠢᠯ᠎ᠢ ᠳᠤᠯᠠᠭ᠋ᠠᠴᠠᠭᠤᠯᠵᠤ ᠣᠷᠴᠢᠨ ᠲᠣᠭᠣᠷᠢᠨ᠎ᠢ ᠪᠤᠢ ᠪᠣᠯᠭ᠋ᠠᠵᠤ ᠴᠢᠳᠠᠪᠤᠷᠢᠲᠠᠨ᠎ᠢ ᠬᠥᠮᠥᠵᠢᠭᠦᠯᠦᠨ᠎ᠡ
ᠴᠢᠳᠠᠪᠤᠷᠢᠲᠠᠨ᠎ᠢ ᠳᠤᠯᠠᠭ᠋ᠠᠴᠠᠭᠤᠯᠵᠤ ᠠᠷᠠᠯᠵᠢᠶ᠎ᠠ ᠡᠷᠭᠢᠯᠡᠬᠦ ᠰᠢᠨ᠎ᠡ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠰᠠᠢ᠍ᠢ᠍ᠨ ᠰᠠᠢ᠌ᠬᠠᠨ ᠣᠷᠴᠢᠨ ᠲᠣᠭᠣᠷᠢᠨ ᠪᠣᠯ ᠴᠢᠳᠠᠪᠤᠷᠢᠲᠠᠨ᠎ᠢ ᠴᠤᠭᠯᠠᠭᠤᠯᠬᠤ 《ᠠᠯᠳᠠᠨ ᠫᠠᠢ᠌ᠰᠠ》 ᠪᠣᠯᠣᠨ᠎ᠠ᠃ ᠳᠡᠯᠡᠬᠡᠢ ᠵᠢᠨ ᠪᠠᠩᠬᠢ ᠵᠢᠨ ᠪᠠᠷᠢᠮᠵᠢᠶ᠎ᠠ ᠪᠣᠯᠣᠨ ᠪᠦᠬᠦ ᠤᠯᠤᠰ᠎ᠤᠨ ᠬᠠᠮᠤᠭ᠎ᠤᠨ ᠥᠨᠳᠥᠷ ᠪᠠᠷᠢᠮᠵᠢᠶ᠎ᠠ᠎ᠲᠠᠢ ᠬᠠᠷᠭᠤᠭᠤᠯᠤᠨ ᠠᠷᠠᠯᠵᠢᠶ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ 5.0 ᠬᠡᠪᠯᠡᠯ᠎ᠢ ᠬᠡᠷᠡᠭᠵᠢᠭᠦᠯᠵᠦ᠂ 4 ᠵᠢᠯ ᠳᠠᠷᠠᠭ᠋ᠠᠯᠠᠨ ᠥᠪᠥᠷ ᠮᠣᠩᠭᠣᠯ᠎ᠤᠨ ᠠᠷᠠᠯᠵᠢᠶ᠎ᠠ ᠡᠷᠭᠢᠯᠡᠬᠦ ᠣᠷᠴᠢᠨ ᠲᠣᠭᠣᠷᠢᠨ᠎ᠤ ᠦᠨᠡᠯᠡᠯᠲᠡ᠎ᠳᠤ ᠨᠢᠭᠡᠳᠦᠭᠡᠷ᠎ᠲᠤ ᠣᠷᠣᠵᠤ᠂ 2023 ᠣᠨ᠎ᠤ ᠪᠦᠬᠦ ᠤᠯᠤᠰ᠎ᠤᠨ ᠠᠷᠠᠯᠵᠢᠶ᠎ᠠ ᠡᠷᠭᠢᠯᠡᠬᠦ ᠣᠷᠴᠢᠨ ᠲᠣᠭᠣᠷᠢᠨ᠎ᠤ ᠶᠠᠰᠤ ᠴᠢᠨᠠᠷ᠎ᠤᠨ ᠠᠷᠪᠠᠨ ᠰᠢᠯᠢᠳᠡᠭ ᠬᠤᠳᠠ᠎ᠪᠠᠷ ᠦᠨᠡᠯᠡᠭᠳᠡᠪᠡ᠃ ᠰᠠᠭᠤᠷᠢ ᠰᠤᠷᠭ᠋ᠠᠨ ᠬᠥᠮᠦᠵᠢᠯ᠎ᠤᠨ ᠬᠢᠷᠢ ᠲᠦᠪᠰᠢᠨ ᠥᠪᠥᠷ ᠮᠣᠩᠭᠣᠯ᠎ᠤᠨ ᠨᠢᠭᠡᠳᠦᠭᠡᠷ ᠵᠢᠭᠰᠠᠭ᠋ᠠᠯ᠎ᠳᠤ ᠣᠷᠣᠵᠤ᠂ ᠬᠣᠲᠠ ᠵᠢᠨ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ᠎ᠤᠨ ᠬᠢᠶ᠎ᠠ ᠪᠠᠭᠰᠢ ᠲᠣᠭᠣᠷᠢᠭ᠎ᠤᠨ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠵᠢᠭ᠋ᠠᠯᠲᠠ ᠲᠣᠭ᠎ᠠ ᠪᠥᠬᠥ ᠤᠯᠤᠰ᠎ᠤᠨ ᠡᠮᠦᠨ᠎ᠡ ᠲᠠᠪᠤ᠎ᠳᠤ ᠣᠷᠣᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠠᠴᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠬᠦᠷᠲᠡᠯᠡᠬᠢ ᠳᠠᠬᠢᠨ ᠬᠡᠷᠡᠭᠯᠡᠭᠡᠨ᠎ᠤ ᠬᠡᠯᠪᠡᠷᠢ ᠵᠢᠨ ᠵᠢᠩᠬᠢᠨᠢ ᠠᠩᠭᠢ ᠬᠦᠷᠲᠡᠯᠡᠬᠢ ᠣᠳᠣᠬᠢᠴᠢᠯᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠤᠢ ᠪᠣᠯᠭ᠋ᠠᠪᠠ᠃ ᠵᠠᠯᠭ᠋ᠠᠭ᠎ᠠ᠎ᠪᠠᠷ ᠭᠤᠷᠪᠠᠨ ᠬᠤᠭᠤᠴᠠᠭ᠎ᠠ ᠤᠯᠤᠰ᠎ᠤᠨ ᠡᠷᠡᠭᠦᠯ ᠬᠠᠮᠠᠭ᠋ᠠᠯᠠᠯ᠎ᠤᠨ ᠬᠤᠳᠠ᠎ᠲᠠᠢ ᠬᠣᠯᠪᠣᠭ᠋ᠠᠯᠠᠵᠤ᠂ ᠪᠦᠬᠦ ᠤᠯᠤᠰ᠎ᠤᠨ ᠪᠣᠯᠪᠠᠰᠤᠨ ᠬᠤᠳᠠ᠂ ᠠᠮᠤᠷ ᠠᠮᠤᠭᠤᠯᠠᠩ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢᠨ ᠬᠠᠮᠤᠭ᠎ᠤᠨ ᠳᠡᠭᠡᠳᠦ ᠱᠠᠩᠨᠠᠯ 《ᠴᠠᠩ ᠠᠨ ᠬᠤᠨᠳᠠᠭ᠎ᠠ》᠂ ᠳᠤᠮᠳᠠᠳᠤ ᠤᠯᠤᠰ᠎ᠤᠨ ᠬᠠᠮᠤᠭ᠎ᠤᠨ ᠵᠣᠯ ᠵᠢᠷᠭ᠋ᠠᠯᠲᠤ ᠲᠥᠷᠥᠭᠳᠡᠯ᠎ᠲᠠᠢ ᠬᠤᠳᠠ ᠵᠡᠷᠭᠡ ᠠᠯᠢ ᠤᠯᠠᠨ ᠢᠷᠠᠭᠤ ᠠᠯᠳᠠᠷ᠎ᠢ ᠬᠦᠷᠲᠡᠵᠦ᠂ ᠡᠯ᠎ᠡ ᠳᠦᠷᠦᠯ᠎ᠤᠨ ᠴᠢᠳᠠᠪᠤᠷᠢᠲᠠᠨ᠎ᠤ ᠣᠷᠣᠰᠢᠨ ᠲᠣᠭᠲᠠᠨᠢᠵᠤ ᠦᠢ᠍ᠯᠡᠰ ᠪᠣᠰᠬᠠᠬᠤ᠎ᠳᠤ ᠬᠠᠩᠭ᠋ᠠᠯᠤᠭᠤᠨ ᠰᠠᠢ᠌ᠬᠠᠨ ᠠᠮᠢ ᠠᠬᠤᠢ ᠵᠢ ᠬᠠᠩᠭ᠋ᠠᠵᠠᠢ᠃
ᠴᠢᠳᠠᠪᠤᠷᠢᠲᠠᠨ᠎ᠢ ᠳᠤᠯᠠᠭ᠋ᠠᠴᠠᠭᠤᠯᠵᠤ ᠦᠢ᠍ᠯᠡᠴᠢᠯᠡᠭᠡᠨ᠎ᠤ ᠰᠢᠨ᠎ᠡ ᠰᠢᠰᠲ᠋ᠧᠮ᠎ᠢ ᠪᠠᠢ᠌ᠭᠤᠯᠤᠨ᠎ᠠ᠃ ᠭᠠᠭᠴᠠ ᠬᠦ᠌ ᠴᠢᠳᠠᠪᠤᠷᠢᠲᠠᠨ᠎ᠳᠤ ᠦᠢ᠍ᠯᠡᠴᠢᠯᠡᠬᠦ ᠲᠠᠯ᠎ᠠ᠎ᠪᠠᠷ 《ᠨᠢᠭᠡ ᠬᠤᠪᠢ ᠬᠠᠷᠠᠭ᠋ᠠᠯᠵᠠᠯ ᠦᠵᠡᠭᠦᠯᠪᠡᠯ》 ᠰᠠᠶᠢ ᠴᠢᠳᠠᠪᠤᠷᠢᠲᠠᠨ᠎ᠢ ᠲᠠᠲᠠᠬᠤ ᠲᠠᠯ᠎ᠠ᠎ᠪᠠᠷ 《ᠪᠤᠰᠤᠳ᠎ᠠᠴᠠ ᠨᠢᠭᠡ ᠠᠯᠬᠤᠮ ᠤᠷᠢᠲᠠᠵᠤ》 ᠴᠢᠳᠠᠨ᠎ᠠ᠃ ᠣᠷᠣᠭᠤᠯᠤᠯᠲᠠ ᠬᠡᠷᠡᠭᠯᠡᠯᠲᠡ ᠵᠢᠨ ᠣᠷᠣᠨ ᠪᠦᠰᠡ ᠵᠢᠨ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠲᠠᠩ ᠴᠣᠭᠴᠠᠲᠤ ᠲᠠᠯᠠᠪᠠᠶ᠎ᠪᠠᠷ ᠬᠠᠮᠤᠭ᠎ᠤᠨ ᠶᠡᠬᠡ᠂ ᠴᠢᠳᠠᠮᠵᠢ᠎ᠪᠠᠷ ᠬᠠᠮᠤᠭ᠎ᠤᠨ ᠪᠦᠷᠢᠨ ᠲᠡᠭᠦᠯᠳᠡᠷ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠢ᠌ᠭᠤᠯᠵᠤ᠂ ᠬᠣᠰᠢᠭᠤ ᠲᠣᠭᠣᠷᠢᠭ᠂ ᠬᠦᠷᠢᠶᠡᠯᠡᠩ ᠲᠣᠭᠣᠷᠢᠭ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ᠂ 《ᠨᠢᠭᠡ ᠰᠡᠳᠬᠢᠯ ᠬᠣᠶᠠᠷ ᠬᠦᠷᠢᠶᠡᠯᠡᠩ ᠨᠠᠢ᠍ᠮᠠᠨ ᠰᠠᠭᠤᠷᠢᠨ ᠭᠠᠵᠠᠷ》᠎ᠤᠨ ᠴᠢᠳᠠᠪᠤᠷᠢᠲᠠᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠵᠢ ᠬᠦᠴᠦᠯᠡᠨ ᠪᠠᠢ᠌ᠭᠤᠯᠪᠠ᠃ ᠴᠢᠳᠠᠪᠤᠷᠢᠲᠠᠨ᠎ᠤ ᠣᠷᠣᠨ ᠰᠠᠭᠤᠴᠠ ᠵᠢᠨ ᠠᠮᠤᠭᠤᠯᠠᠩ ᠣᠷᠣᠨ ᠰᠠᠭᠤᠴᠠ᠂ ᠬᠠᠨᠢ ᠢᠵᠢᠯᠢ ᠵᠢ᠎ᠨᠢ ᠲᠥᠪᠬᠢᠨᠡᠭᠦᠯᠬᠦ᠂ ᠦᠷ᠎ᠡ ᠬᠡᠦᠬᠡᠳ᠎ᠢ᠎ᠨᠢ ᠰᠤᠷᠭ᠋ᠠᠨ ᠬᠥᠮᠥᠵᠢᠭᠦᠯᠬᠦ ᠵᠡᠷᠭᠡ 《ᠵᠠᠩᠭᠢᠯᠠᠭ᠎ᠠ ᠵᠢᠨ ᠪᠠᠭ᠎ᠠ ᠶᠠᠪᠤᠳᠠᠯ》᠎ᠢ ᠦᠨᠡᠨ ᠰᠡᠳᠬᠢᠯ᠎ᠠᠴᠠ᠎ᠪᠠᠨ ᠬᠦᠴᠦᠯᠡᠨ ᠰᠢᠢ᠍ᠳᠪᠦᠷᠢᠯᠡᠵᠦ᠂ 《ᠴᠢᠳᠠᠪᠤᠷᠢᠲᠠᠨ᠎ᠢ ᠳᠤᠯᠠᠭ᠋ᠠᠴᠠᠭᠤᠯᠵᠤ ᠡᠷᠭᠢᠯᠲᠡ ᠵᠢᠨ ᠣᠷᠣᠨ ᠲᠣᠭ᠎ᠠ》᠂ 《ᠴᠢᠳᠠᠪᠤᠷᠢᠲᠠᠨ᠎ᠢ ᠳᠤᠯᠠᠭ᠋ᠠᠴᠠᠭᠤᠯᠵᠤ ᠨᠥᠬᠥᠪᠦᠷᠢ ᠮᠥᠩᠭᠥ》 ᠪᠠ 《ᠴᠢᠳᠠᠪᠤᠷᠢᠲᠠᠨ᠎ᠢ ᠳᠤᠯᠠᠭ᠋ᠠᠴᠠᠭᠤᠯᠵᠤ ᠡᠷᠳᠡᠮ᠎ᠤᠨ ᠴᠣᠯᠠ ᠵᠢᠨ ᠲᠠᠲᠠᠭ᠋ᠠᠯ》 ᠪᠠᠢ᠌ᠭᠤᠯᠬᠤ ᠵᠢ ᠲᠦᠯᠬᠢᠨ ᠠᠬᠢᠭᠤᠯᠵᠠᠢ᠃ 《ᠳᠤᠯᠠᠭ᠋ᠠᠨ ᠬᠣᠲᠠ ᠵᠢᠨ ᠬᠤᠪᠢ ᠨᠡᠮᠡᠷᠢ ᠵᠢᠨ ᠱᠠᠩᠨᠠᠯ》᠎ᠢ ᠪᠠᠢ᠌ᠭᠤᠯᠵᠤ᠂ ᠲᠣᠭ᠋ᠠᠴᠢᠯᠠᠭᠰᠠᠨ ᠴᠢᠳᠠᠪᠤᠷᠢᠲᠠᠨ᠎ᠤ ᠣᠶᠤᠨᠴᠢ ᠦᠢ᠍ᠯᠡᠴᠢᠯᠡᠭᠡᠨ᠎ᠤ ᠲᠠᠪᠴᠠᠩ ᠪᠠ ᠠᠵᠤ ᠦᠢ᠍ᠯᠡᠰ᠎ᠤᠨ ᠴᠢᠳᠠᠪᠤᠷᠢᠲᠠᠨ᠎ᠤ ᠡᠭᠦᠯᠡᠨ ᠵᠢᠷᠤᠭ᠎ᠢ ᠪᠠᠢ᠌ᠭᠤᠯᠵᠤ᠂ 《ᠴᠢᠳᠠᠪᠤᠷᠢᠲᠠᠨ᠎ᠤ ᠴᠤᠭᠯᠠᠭ᠋ᠠᠨ᠎ᠤ ᠵᠣᠴᠢᠯᠠᠬᠤ ᠲᠢᠩᠬᠢᠮ》 《ᠴᠢᠳᠠᠪᠤᠷᠢᠲᠠᠨ᠎ᠤ ᠴᠡᠴᠡᠷᠯᠢᠭ》 ᠪᠠ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠩᠭᠢᠯ ᠵᠡᠷᠭᠡ ᠬᠣᠲᠠ ᠵᠢᠨ ᠴᠢᠳᠠᠪᠤᠷᠢᠲᠠᠨ᠎ᠤ ᠭᠠᠵᠠᠷ᠎ᠤᠨ ᠲᠡᠮᠳᠡᠭ᠎ᠢ ᠪᠠᠢ᠌ᠭᠤᠯᠵᠤ᠂ ᠴᠢᠳᠠᠪᠤᠷᠢᠲᠠᠨ᠎ᠳᠤ ᠳᠤᠯᠠᠭ᠋ᠠᠨ ᠬᠣᠲᠠ ᠵᠢᠨ ᠴᠢᠳᠠᠪᠤᠷᠢᠲᠠᠨ ᠵᠶ᠋ᠠᠨ ᠬᠠᠢ᠌ᠷᠠᠯᠠᠬᠤ ᠬᠠᠯᠠᠭᠤᠨ ᠳᠤᠯᠠᠭ᠋ᠠᠨ᠎ᠢ ᠦᠨᠡᠨ ᠪᠣᠳᠠᠲᠠᠢ᠎ᠪᠠᠷ ᠮᠡᠳᠡᠷᠡᠭᠦᠯᠵᠡᠢ᠃
ᠴᠢᠳᠠᠪᠤᠷᠢᠲᠠᠨ᠎ᠢ ᠳᠤᠯᠠᠭ᠋ᠠᠴᠠᠭᠤᠯᠬᠤ ᠰᠣᠶᠣᠯ᠎ᠤᠨ ᠰᠢᠨ᠎ᠡ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠣᠲᠠ ᠵᠢᠨ ᠰᠢᠯᠢᠳᠡᠭ ᠰᠠᠶ᠋ᠢᠨ ᠰᠣᠶᠣᠯ᠎ᠤᠨ ᠵᠥᠭᠡᠯᠡᠨ ᠣᠷᠴᠢᠨ ᠲᠣᠭᠣᠷᠢᠨ᠎ᠨᠢ ᠶᠡᠷᠦ᠎ᠳᠡᠭᠡᠨ ᠨᠡᠩ ᠴᠤ᠌ ᠳᠠᠭᠤ ᠴᠢᠮᠡᠭᠡ ᠦᠭᠡᠢ᠎ᠪᠠᠷ ᠬᠥᠮᠥᠰ᠎ᠤᠨ ᠰᠡᠳᠬᠢᠯ᠎ᠳᠤ ᠰᠢᠭᠤᠳ ᠬᠦᠷᠳᠡᠭ ᠶᠤᠮ᠃ ᠠᠩᠬᠠᠳᠤᠭ᠋ᠠᠷ ᠬᠤᠭᠤᠴᠠᠭ᠋ᠠᠨ᠎ᠤ 《ᠳᠤᠯᠠᠭ᠋ᠠᠨ ᠬᠣᠲᠠ ᠵᠢᠨ ᠴᠢᠳᠠᠪᠤᠷᠢᠲᠠᠨ᠎ᠤ ᠭᠠᠷᠠᠭ》᠎ᠤᠨ ᠰᠢᠷᠢᠰ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠵᠦ᠂ ᠶᠡᠬᠡ ᠳᠡᠭᠡᠳᠦ ᠰᠤᠷᠭ᠋ᠠᠭᠤᠯᠢ ᠵᠢᠨ ᠵᠠᠬᠢᠷᠤᠯ᠎ᠤᠨ ᠳᠤᠭᠤᠢ ᠰᠢᠷᠡᠭᠡᠨ᠎ᠤ ᠴᠤᠭᠯᠠᠭ᠋ᠠᠨ᠂ ᠪᠡᠭᠡᠵᠢᠩ ᠶᠡᠬᠡ ᠰᠤᠷᠭ᠋ᠠᠭᠤᠯᠢ ᠵᠢᠨ ᠰᠤᠷᠭ᠋ᠠᠭᠤᠯᠢ ᠵᠢᠨ ᠬᠠᠨᠢᠲᠠᠳ᠎ᠤᠨ ᠣᠷᠳᠣᠰ᠎ᠳᠠᠬᠢ ᠠᠶᠠᠯᠠᠯ ᠵᠡᠷᠭᠡ ᠲᠠᠪᠤᠨ ᠶᠡᠬᠡ ᠲᠥᠷᠥᠯ᠎ᠤᠨ 22 ᠵᠦᠢ᠍ᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ 35 ᠠᠺᠠᠳᠧᠮᠢᠴᠢ᠂ 150 ᠤᠯᠤᠰ᠎ᠤᠨ ᠲᠠᠰ᠎ᠤᠨ ᠳᠡᠭᠡᠳᠦ ᠲᠠᠰ᠎ᠤᠨ ᠴᠢᠳᠠᠪᠤᠷᠢᠲᠠᠨ᠂ 5000 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠪᠠ ᠠᠵᠤ ᠠᠬᠤᠢ᠌ᠯᠠᠯᠲᠠᠨ ᠣᠷᠣᠯᠴᠠᠵᠤ᠂ ᠤᠯᠠᠨ ᠡᠰᠢᠲᠦ ᠬᠠᠷᠢᠯᠴᠠᠨ ᠬᠥᠳᠡᠯᠦᠯᠴᠡᠭᠰᠡᠨ᠂ ᠨᠡᠭᠡᠭᠡᠯᠲᠡᠲᠡᠢ ᠠᠭᠤᠰᠤᠯᠴᠠᠭᠰᠠᠨ ᠳᠤᠯᠠᠭ᠋ᠠᠨ ᠬᠣᠲᠠ ᠵᠢᠨ ᠰᠣᠶᠣᠯ᠎ᠤᠨ ᠣᠨᠴᠠᠯᠢᠭ᠎ᠢ ᠭᠦᠢ᠍ᠴᠡᠳ ᠢᠯᠡᠷᠡᠭᠦᠯᠪᠡ᠃ ᠠᠳᠠᠯᠢ ᠪᠤᠰᠤ ᠴᠢᠳᠠᠪᠤᠷᠢᠲᠠᠨ᠎ᠤ ᠬᠠᠮᠲᠤᠯᠢᠭ᠎ᠲᠤ ᠬᠠᠨᠳᠤᠭᠤᠯᠤᠨ 《ᠤᠷᠠᠨ ᠳᠠᠷᠬᠠᠨ᠎ᠤ ᠬᠦᠰᠡᠯ ᠵᠡᠭᠦᠳᠦ᠎ᠪᠠᠨ ᠲᠡᠷᠭᠡᠯᠰᠢᠭᠦᠯᠬᠦ · ᠤᠷ᠎ᠠ ᠮᠡᠷᠭᠡᠵᠢᠯ ᠵᠶ᠋ᠡᠷ ᠳᠤᠯᠠᠭ᠋ᠠᠨ ᠬᠣᠲᠠ ᠵᠢ ᠬᠥᠭᠵᠢᠭᠦᠯᠬᠦ》 ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠠᠵᠤ ᠠᠬᠤᠢ᠌ᠯᠠᠯ᠎ᠳᠤ ᠣᠷᠣᠭᠤᠯᠵᠤ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ 《ᠲᠣᠮᠣ ᠤᠯᠤᠰ᠎ᠤᠨ ᠤᠷᠠᠨ ᠳᠠᠷᠬᠠᠳ ᠢᠷᠠᠵᠤ ᠦᠨᠡᠯᠡᠨ ᠰᠢᠭᠦᠮᠵᠢᠯᠡᠬᠦ》 ᠪᠥᠬᠥ ᠬᠣᠲᠠ ᠵᠢᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭ᠋ᠠᠨ᠂ 《ᠳᠤᠯᠠᠭ᠋ᠠᠨ ᠬᠣᠲᠠ ᠵᠢᠨ ᠴᠢᠳᠠᠪᠤᠷᠢᠲᠠᠳ ᠳᠤᠯᠠᠭ᠋ᠠᠨ ᠬᠣᠲᠠ᠎ᠪᠠᠨ ᠶᠠᠷᠢᠬᠤ》 ᠭᠣᠣᠯ ᠰᠡᠳᠦᠪᠲᠦ ᠵᠣᠬᠢᠶᠠᠯ ᠡᠯᠰᠡᠬᠦ ᠤᠷᠤᠯᠳᠤᠭ᠋ᠠᠨ ᠵᠡᠷᠭᠡ ᠴᠢᠳᠠᠪᠤᠷᠢᠲᠠᠨ᠎ᠤ ᠰᠣᠯᠢᠯᠴᠠᠭ᠋ᠠᠨ᠎ᠤ ᠠᠵᠢᠯᠯᠠᠭ᠎ᠠ ᠡᠷᠭᠢᠯᠡᠪᠡ᠃ 《ᠳᠤᠯᠠᠭ᠋ᠠᠨ ᠬᠣᠲᠠ ᠵᠢᠨ ᠭᠠᠷᠠᠭ᠎ᠤᠨ ᠰᠡᠭᠦᠯᠴᠢ ᠵᠢᠨ ᠳᠠᠭᠤᠤ ᠬᠥᠭᠵᠢᠮ᠎ᠤᠨ ᠴᠤᠭᠯᠠᠭ᠋ᠠᠨ》 《ᠬᠢᠶ᠎ᠠ ᠪᠠᠭᠰᠢ᠎ᠳᠤ ᠰᠥᠨᠢ᠎ᠪᠠᠷ ᠵᠣᠷᠴᠢᠬᠤ》 ᠵᠡᠷᠭᠡ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ ᠵᠶ᠋ᠠᠷ ᠤᠯᠠᠨ ᠶᠠᠩᠵᠤ ᠵᠢᠨ 60 ᠭᠠᠷᠤᠢ ᠵᠦᠢ᠍ᠯ᠎ᠤᠨ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠣᠲᠠ ᠵᠢᠨ ᠵᠥᠭᠡᠯᠡᠨ ᠣᠷᠴᠢᠨ ᠲᠣᠭᠣᠷᠢᠨ ᠵᠶ᠋ᠠᠷ ᠴᠢᠳᠠᠪᠤᠷᠢᠲᠠᠨ᠎ᠢ ᠬᠥᠮᠥᠵᠢᠭᠦᠯᠬᠦ ᠬᠠᠲᠠᠭᠤ ᠪᠣᠳᠠᠲᠤ ᠬᠦᠴᠦᠨ ᠪᠣᠯᠭ᠋ᠠᠵᠤ᠂ ᠨᠠᠩ ᠤᠯᠠᠨ ᠴᠢᠳᠠᠪᠤᠷᠢᠲᠠᠨ᠎ᠢ ᠳᠤᠯᠠᠭ᠋ᠠᠨ ᠬᠣᠲᠠ᠎ᠳᠤ ᠴᠤᠭᠯᠠᠷᠠᠭᠤᠯᠤᠨ᠂ ᠳᠤᠯᠠᠭ᠋ᠠᠨ ᠬᠣᠲᠠ᠎ᠳᠤ ᠦᠨᠳᠦᠰᠦᠯᠡᠭᠦᠯᠬᠦ ᠵᠢ ᠠᠬᠢᠭᠤᠯᠪᠠ᠃