2025 ᠣᠨ᠎ᠤ ᠭᠣᠣᠯᠳᠠᠯᠭ᠎ᠠ᠎ᠲᠠᠢ ᠠᠵᠢᠯ᠎ᠢ ᠤᠨᠢᠨ ᠳᠡᠭᠡᠷ᠎ᠡ᠎ᠨᠢ ᠲᠥᠯᠥᠪᠵᠢᠭᠦᠯᠦᠨ ᠪᠠᠢ᠌ᠷᠢᠯᠠᠭᠤᠯᠵᠤ᠂ ᠡᠳ᠋᠎ᠤᠨ ᠶᠠᠪᠤᠳᠠᠯ᠎ᠤᠨ ᠠᠵᠢᠯ᠎ᠢ ᠡᠷᠲᠡ᠎ᠠᠴᠠ ᠲᠥᠯᠥᠪᠵᠢᠭᠦᠯᠵᠦ᠂ ᠡᠷᠲᠡ᠎ᠠᠴᠠ ᠬᠥᠳᠡᠯᠦᠯᠴᠡᠵᠦ᠂ ᠡᠷᠲᠡ᠎ᠠᠴᠠ ᠦᠢ᠍ᠯᠡᠴᠢᠯᠡᠵᠦ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠰᠠᠢ᠍ᠢ᠍ᠨ ᠡᠬᠢᠯᠡᠯᠲᠡ᠎ᠲᠠᠢ ᠪᠣᠯᠭ᠋ᠠᠬᠤ ᠵᠢᠨ ᠲᠥᠯᠥᠭᠡ᠂ 1 ᠰᠠᠷ᠎ᠠ ᠵᠢᠨ 2᠎ᠤᠨ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠳ᠋᠎ᠤᠨ ᠶᠠᠪᠤᠳᠠᠯ ᠬᠢᠭᠡᠳ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠭᠠᠵᠠᠷ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠡᠳ᠋᠎ᠤᠨ ᠶᠠᠪᠤᠳᠠᠯ ᠬᠢᠭᠡᠳ ᠪᠡᠯᠡ ᠮᠥᠩᠭᠥ ᠵᠢᠨ ᠬᠡᠷᠡᠭᠯᠡᠯᠲᠡ ᠵᠢᠨ ᠭᠠᠵᠠᠷ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠣᠶᠠᠷ ᠲᠠᠯ᠎ᠠ᠎ᠪᠠᠷ ᠵᠶ᠋ᠠᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠬᠦ ᠲᠠᠯ᠎ᠠ᠎ᠪᠠᠷ ᠭᠦᠨᠵᠡᠭᠡᠢ ᠰᠣᠯᠢᠯᠴᠠᠭ᠎ᠠ ᠬᠢᠪᠡ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠡᠭᠦᠰᠬᠡᠯ᠎ᠤᠨ ᠵᠢᠯ ᠪᠣᠯᠣᠨ᠎ᠠ᠂ ᠮᠥᠨ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠠᠢ᠍ᠢ᠍ᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠲᠠᠯᠪᠢᠬᠤ ᠵᠠᠩᠭᠢᠯᠠᠭ᠎ᠠ ᠵᠢᠨ ᠵᠢᠯ ᠪᠣᠯᠣᠨ᠎ᠠ᠂ ᠡᠳ᠋᠎ᠤᠨ ᠶᠠᠪᠤᠳᠠᠯ᠎ᠤᠨ ᠠᠵᠢᠯ᠎ᠢ ᠰᠠᠶ᠋ᠢᠲᠤᠷ ᠬᠢᠬᠦ᠎ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠪᠠ ᠳᠡᠮᠵᠢᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠳ᠋᠎ᠤᠨ ᠶᠠᠪᠤᠳᠠᠯ᠎ᠤᠨ ᠠᠵᠢᠯ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠢ ᠭᠦᠨᠵᠡᠭᠡᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠳᠤ ᠪᠦᠬᠦ ᠬᠦᠴᠦᠨ ᠵᠶ᠋ᠡᠷ ᠵᠶ᠋ᠡᠨ ᠦᠢ᠍ᠯᠡᠴᠢᠯᠡᠨ ᠪᠠᠲᠤᠯᠠᠵᠤ᠂ ᠲᠡᠭ ᠰᠠᠭᠤᠷᠢ ᠴᠡᠭ᠎ᠤᠨ ᠲᠥᠰᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠵᠤ᠂ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠬᠠᠮᠢᠶᠠᠷᠤᠯᠲᠠ ᠵᠢ ᠪᠣᠳᠠᠲᠠᠢ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠶᠠᠷᠢᠯᠴᠠᠬᠤ ᠬᠤᠷᠠᠯ᠎ᠤᠨ ᠬᠣᠶᠠᠷ ᠲᠠᠯ᠎ᠠ᠎ᠪᠠᠷ ᠵᠶ᠋ᠠᠨ ᠲᠥᠰᠥᠪ ᠪᠣᠯᠣᠨ ᠲᠥᠰᠥᠪ᠎ᠤᠨ ᠭᠦᠢ᠍ᠴᠡᠳᠬᠡᠯ᠎ᠢ ᠨᠠᠢ᠌ᠷᠠᠭᠤᠯᠤᠨ ᠵᠣᠬᠢᠶᠠᠬᠤ᠂ ᠦᠷ᠎ᠡ ᠪᠦᠲᠦᠮᠵᠢ ᠵᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠲᠣᠭᠲᠠᠮᠠᠯ ᠬᠥᠷᠥᠩᠭᠡ ᠵᠢᠨ ᠬᠠᠮᠢᠶᠠᠷᠤᠯᠲᠠ᠂ ᠳᠣᠲᠣᠭ᠋ᠠᠳᠤ ᠵᠢᠨ ᠬᠢᠨᠠᠨ ᠪᠣᠳᠣᠯᠲᠠ ᠵᠢᠴᠢ ᠲᠤᠰᠬᠠᠢ ᠪᠡᠯᠡ ᠮᠥᠩᠭᠥ ᠵᠢᠨ ᠬᠡᠷᠡᠭᠯᠡᠯᠲᠡ ᠵᠡᠷᠭᠡ ᠠᠵᠢᠯ᠎ᠤᠨ ᠲᠤᠬᠠᠢ ᠨᠠᠷᠢᠨ ᠨᠢᠭᠲᠠ ᠰᠠᠨᠠᠯ ᠵᠶ᠋ᠠᠨ ᠰᠣᠯᠢᠯᠴᠠᠨ ᠶᠠᠷᠢᠯᠴᠠᠪᠠ᠃ ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠶᠠᠷᠢᠯᠴᠠᠬᠤ ᠬᠤᠷᠠᠯ᠎ᠨᠢ ᠠᠵᠢᠯ᠎ᠤᠨ ᠰᠡᠳᠬᠢᠴᠡ᠎ᠪᠠᠨ ᠥᠷᠭᠡᠳᠬᠡᠭᠰᠡᠨ ᠵᠶ᠋ᠡᠷ ᠪᠠᠷᠠᠬᠤ ᠦᠭᠡᠢ ᠪᠠᠰᠠ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠴᠢᠭᠯᠡᠯ ᠵᠶ᠋ᠡᠨ ᠲᠣᠳᠣᠷᠬᠠᠢ᠌ᠯᠠᠵᠤ᠂ ᠲᠣᠭᠲᠠᠭᠰᠠᠨ ᠬᠠᠷᠠᠯᠲᠠ ᠡᠭᠦᠷᠭᠡ ᠵᠢᠨ ᠶᠣᠰᠣᠭ᠋ᠠᠷ᠂ 《ᠵᠢᠯ ᠡᠬᠢᠯᠡᠮᠡᠭᠴᠡ ᠡᠬᠢᠯᠡᠨ ᠠᠵᠢᠯᠯᠠᠵᠤ᠂ ᠡᠬᠢᠯᠡᠨ ᠠᠵᠢᠯᠯᠠᠮᠠᠭᠴᠠ ᠪᠣᠳᠠᠲᠠᠢ ᠠᠵᠢᠯᠯᠠᠬᠤ》 ᠴᠤᠭ ᠵᠢᠪᠬᠤᠭ᠎ᠠ᠎ᠪᠠᠷ ᠲᠡᠷᠢᠭᠦᠨ᠎ᠳᠤ ᠣᠷᠣᠬᠤ᠎ᠪᠠᠷ ᠡᠷᠡᠯᠬᠡᠭᠯᠡᠨ ᠲᠡᠮᠡᠴᠡᠵᠦ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠡᠯᠡ ᠮᠥᠩᠭᠥᠨ᠎ᠤ ᠪᠠᠲᠤᠯᠠᠭ᠎ᠠ ᠵᠢ ᠰᠠᠶ᠋ᠢᠲᠤᠷ ᠬᠢᠨ᠎ᠡ ᠭᠡᠵᠦ ᠢᠯᠡᠳᠬᠡᠵᠡᠭᠡᠪᠡ᠃