ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠤᠷᠤᠭᠰᠢᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2025-01-06

      ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠎ᠢ ᠳᠡᠭᠡᠭᠰᠢᠯᠡᠭᠦᠯᠵᠦ᠂ ᠱᠠᠯᠠᠪᠳᠠᠭᠤᠯᠤᠨ ᠪᠠᠢ᠌ᠴᠠᠭ᠋ᠠᠬᠤ ᠺᠠᠳ᠋ᠷ᠎ᠤᠨ ᠡᠩᠨᠡᠭᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠹᠠᠨ ᠮᠢᠩ ᠱ᠌ᠢ ᠠᠩᠭᠢ ᠡᠬᠢᠯᠡᠬᠦ ᠶᠣᠰᠣᠯᠠᠯ᠎ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃
      ᠲᠣᠰ ᠤᠳᠠᠭ᠋ᠠᠨ᠎ᠤ ᠪᠣᠯᠪᠠᠰᠤᠷᠠᠯ᠎ᠢ ᠲᠥᠪᠯᠡᠷᠡᠭᠦᠯᠦᠨ ᠬᠢᠴᠢᠶᠡᠯᠯᠡᠬᠦ ᠪᠠ ᠰᠣᠯᠢᠯᠴᠠᠵᠤ ᠰᠤᠳᠤᠯᠤᠨ ᠶᠠᠷᠢᠯᠴᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠬᠠᠲᠤᠨ ᠭᠣᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠭᠤᠷᠪᠠᠳᠤᠭ᠋ᠠᠷ ᠡᠭᠡᠯᠵᠢ ᠵᠢᠨ ᠭᠤᠷᠪᠠᠳᠤᠭ᠋ᠠᠷ ᠪᠦᠯᠦᠭ᠎ᠤᠨ ᠰᠠᠪᠠ ᠭᠠᠵᠠᠷ᠎ᠤᠨ ᠱᠠᠯᠠᠪᠳᠠᠭᠤᠯᠤᠨ ᠪᠠᠢ᠌ᠴᠠᠭ᠋ᠠᠯᠲᠠ ᠪᠠ ᠮᠤᠵᠢ ᠵᠢᠨ ᠬᠡᠪᠴᠢᠶᠡᠨ᠎ᠤ ᠱᠠᠯᠠᠪᠳᠠᠭᠤᠯᠤᠨ ᠪᠠᠢ᠌ᠴᠠᠭ᠋ᠠᠯᠲᠠ ᠵᠢᠨ ᠭᠣᠣᠯᠳᠠᠯᠭ᠎ᠠ ᠵᠢᠨ ᠲᠤᠬᠠᠢ ᠲᠤᠰᠬᠠᠢ ᠰᠡᠳᠦᠪᠲᠦ ᠲᠠᠢ᠌ᠯᠤᠮᠵᠢ ᠬᠢᠯᠭᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠤᠨ᠂ ᠲᠣᠰ ᠲᠣᠰ ᠱᠠᠯᠠᠪᠳᠠᠭᠤᠯᠤᠨ ᠪᠠᠢ᠌ᠴᠠᠭ᠋ᠠᠬᠤ ᠲᠠᠰ ᠳᠠᠷᠠᠭ᠋ᠠᠯᠠᠯ᠎ᠢ ᠵᠢᠷᠤᠮᠵᠢᠭᠤᠯᠬᠤ᠂ ᠤᠰᠤ ᠡᠪᠡᠰᠦ ᠪᠡᠯᠴᠢᠭᠡᠷ᠎ᠲᠤ ᠬᠣᠯᠪᠣᠭᠳᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠬᠤ ᠵᠡᠷᠭᠡ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠰᠢᠰᠲ᠋ᠧᠮ᠎ᠲᠠᠢ ᠪᠣᠯᠪᠠᠰᠤᠷᠠᠯ ᠥᠷᠨᠢᠭᠦᠯᠵᠡᠢ᠃ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ᠂ ᠬᠡᠰᠡᠭ ᠰᠤᠷᠤᠭᠴᠢᠳ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠱᠠᠯᠠᠪᠳᠠᠭᠤᠯᠤᠨ ᠪᠠᠢ᠌ᠴᠠᠭ᠋ᠠᠬᠤ ᠳᠦᠷᠢᠮ ᠲᠣᠭᠲᠠᠴᠠ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢᠴᠢ ᠱᠠᠯᠠᠪᠳᠠᠭᠤᠯᠤᠨ ᠪᠠᠢ᠌ᠴᠠᠭ᠋ᠠᠬᠤ ᠠᠵᠢᠯᠲᠠᠨ᠎ᠤ ᠠᠵᠢᠯ᠎ᠤᠨ ᠴᠢᠳᠠᠪᠤᠷᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠵᠠᠢ᠃
      ᠲᠣᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ᠎ᠨᠢ ᠪᠠᠶᠠᠯᠢᠭ᠂ ᠭᠣᠣᠯᠳᠠᠯᠭ᠎ᠠ᠎ᠨᠢ ᠲᠣᠪᠣᠢ᠌ᠮ᠎ᠠ ᠪᠠᠢ᠌ᠵᠤ᠂ ᠮᠠᠰᠢ ᠴᠢᠩᠭ᠎ᠠ ᠬᠠᠨᠳᠤᠯᠭ᠋ᠠᠲᠤ ᠴᠢᠨᠠᠷ ᠪᠠ ᠬᠡᠷᠡᠭᠯᠡᠭᠡᠨ᠎ᠤ ᠴᠢᠨᠠᠷ᠎ᠲᠠᠢ ᠪᠠᠢ᠌ᠳᠠᠭ᠃ ᠤᠯᠠᠨ ᠵᠶ᠋ᠠᠷ ᠵᠶ᠋ᠠᠨ᠂ ᠰᠣᠷᠣᠭᠰᠠᠨ ᠠᠭᠤᠯᠭ᠎ᠠ᠎ᠪᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠦᠢ᠍ᠯᠡᠳᠦᠯᠭᠡ᠎ᠲᠠᠢ ᠤᠶᠠᠯᠳᠤᠭᠤᠯᠵᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠦᠨᠡᠨ ᠬᠦ᠌ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃
      ᠬᠣᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠵᠤᠷᠰᠢᠯᠲᠤ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠬᠡᠰᠡᠭ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠢᠩᠬᠢᠮ ᠲᠣᠪᠴᠢᠶ᠎ᠠ᠂ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠢᠶ᠎ᠠ ᠪᠦᠬᠦᠢ ᠨᠥᠬᠥᠳ ᠨᠠᠢ᠌ᠳᠠ 110 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠪᠦᠬᠦ ᠣᠷᠣᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠣᠷᠳᠣᠰ᠄ ᠬᠦᠴᠦᠨ ᠵᠶ᠋ᠡᠨ ᠲᠥᠪᠯᠡᠷᠡᠭᠦᠯᠦᠨ ᠪᠦᠬᠦ ᠲᠠᠯ᠎ᠠ ᠵᠢᠨ ᠴᠢᠳᠠᠪᠤᠷᠢᠲᠠᠨ᠎ᠤ ᠨᠥᠬᠥᠷᠰᠡᠭ ᠠᠮᠢ ᠠᠬᠤᠢ ᠵᠢ ᠴᠣᠭᠴᠠᠯᠠᠨ ᠪᠠᠢ᠌ᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠠᠵᠢᠯᠴᠢᠨ᠎ᠤ ᠡᠪᠯᠡᠯ᠎ᠤᠨ ᠭᠡᠰᠢᠭᠦᠳ᠎ᠤᠨ ᠶᠡᠬᠡ ᠬᠤᠷᠠᠯ ᠬᠤᠭᠤᠴᠠᠭ᠎ᠠ ᠰᠣᠯᠢᠬᠤ ᠰᠣᠩᠭᠣᠭᠤᠯᠢ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠪᠠ
 
             蒙ICP备05000248号