ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠬᠦ ᠵᠢᠨ ᠲᠥᠯᠥᠭᠡ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ᠃
ᠲᠣᠰ ᠤᠳᠠᠭ᠋ᠠᠨ᠎ᠤ ᠪᠣᠯᠪᠠᠰᠤᠷᠠᠯ᠎ᠳᠤ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠵᠢᠨ ᠤᠳᠤᠷᠢᠳᠤᠯᠭ᠎ᠠ ᠪᠠ ᠲᠤᠰᠬᠠᠢ ᠮᠡᠷᠭᠡᠵᠢᠯᠲᠡᠨ᠎ᠢ ᠤᠷᠢᠵᠤ᠂ ᠠᠯᠪᠠᠨ ᠪᠢᠴᠢᠭ ᠪᠢᠴᠢᠬᠦ ᠪᠠ ᠰᠢᠢ᠍ᠳᠪᠦᠷᠢᠯᠡᠬᠦ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠴᠢᠬᠤᠯᠠ ᠨᠢᠭᠤᠴᠠ ᠵᠢ ᠬᠠᠮᠠᠭ᠋ᠠᠯᠠᠬᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠠᠷᠭ᠋ᠠᠴᠠᠬᠤ ᠪᠠ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠢᠴᠢᠶᠡᠯ ᠣᠷᠣᠵᠤ ᠬᠠᠪᠰᠤᠷᠤᠨ ᠵᠢᠯᠣᠭᠣᠳᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠹᠠᠨ ᠮᠢᠩ ᠱ᠌ᠢ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠹᠠᠨ ᠮᠢᠩ ᠱ᠌ᠢ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠵᠢᠯ ᠪᠣᠯ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠪ᠎ᠤᠨ ᠠᠵᠢᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠨ ᠳᠡᠮᠵᠢᠬᠦ᠎ᠳᠤ ᠴᠢᠬᠤᠯᠠ ᠦᠢ᠍ᠯᠡᠳᠦᠯ᠎ᠲᠠᠢ ᠶᠤᠮ᠃ ᠡᠯ᠎ᠡ ᠱᠠᠲᠤᠨ᠎ᠤ ᠠᠯᠪᠠᠯᠠᠬᠤ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠵᠢᠨ ᠡᠭᠦᠷᠭᠡᠯᠡᠯ ᠵᠶ᠋ᠡᠨ ᠴᠢᠩᠭ᠋ᠠᠷᠠᠭᠤᠯᠤᠨ᠂ ᠵᠥᠪᠯᠡᠭᠴᠢ ᠲᠤᠰᠠᠯᠠᠭᠴᠢ᠂ ᠶᠡᠷᠦᠩᠬᠡᠢ᠌ᠯᠡᠨ ᠵᠣᠬᠢᠴᠠᠭᠤᠯᠬᠤ᠂ ᠱᠠᠯᠠᠪᠳᠠᠭᠤᠯᠤᠨ ᠪᠠᠢ᠌ᠴᠠᠭ᠋ᠠᠬᠤ᠂ ᠠᠵᠢᠯᠯᠠᠭ᠋ᠠᠨ᠎ᠢ ᠪᠠᠲᠤᠯᠠᠬᠤ ᠵᠡᠷᠭᠡ ᠦᠢ᠍ᠯᠡᠳᠦᠯ ᠵᠶ᠋ᠡᠨ ᠢᠳᠡᠪᠬᠢᠲᠡᠢ ᠪᠠᠳᠠᠷᠠᠭᠤᠯᠵᠤ᠂ 《ᠭᠤᠷᠪᠠ᠎ᠳᠤ ᠦᠢ᠍ᠯᠡᠴᠢᠯᠡᠬᠦ》 ᠠᠵᠢᠯ᠎ᠤᠨ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠮᠡᠳᠡᠯᠭᠡ᠎ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠵᠡᠯᠲᠡ᠎ᠪᠠᠨ ᠰᠢᠨᠡᠳᠬᠡᠵᠦ᠂ ᠲᠠᠢ᠌ᠯᠪᠤᠷᠢᠯᠠᠨ ᠵᠢᠭ᠋ᠠᠬᠤ ᠠᠭᠤᠯᠭ᠎ᠠ ᠵᠢ ᠦᠨᠡᠨ ᠬᠦ᠌ ᠰᠠᠶ᠋ᠢᠲᠤᠷ ᠰᠢᠩᠭᠡᠬᠡᠨ ᠠᠪᠴᠤ᠂ ᠪᠥᠬᠥ ᠰᠡᠳᠬᠢᠯ ᠪᠥᠬᠥ ᠵᠣᠷᠢᠭ ᠵᠶ᠋ᠠᠷ ᠵᠶ᠋ᠠᠨ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠨ᠂ ᠥᠨᠳᠥᠷ ᠪᠠᠷᠢᠮᠵᠢᠶ᠎ᠠ᠂ ᠴᠢᠩᠭ᠎ᠠ ᠱᠠᠭ᠋ᠠᠷᠳᠠᠯᠭ᠎ᠠ᠎ᠪᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠯ᠎ᠡ ᠵᠦᠢ᠍ᠯ᠎ᠤᠨ ᠠᠵᠢᠯ᠎ᠤᠨ ᠬᠠᠷᠢᠯᠴᠠᠨ ᠠᠬᠢᠭᠤᠯᠵᠤ᠂ ᠥᠨᠳᠥᠷ ᠪᠦᠲᠦᠮᠵᠢᠲᠡᠢ᠎ᠪᠠᠷ ᠠᠵᠢᠯᠯᠠᠵᠤ᠂ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠹᠠᠨ ᠮᠢᠩ ᠱ᠌ᠢ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠮᠥᠨ ᠴᠦ᠍ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠵᠢᠭᠦᠯᠬᠦ ᠵᠢᠯ ᠪᠣᠯᠣᠨ᠎ᠠ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠲᠢᠩᠬᠢᠮ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠨᠢᠭᠡᠴᠢ ᠵᠢᠨ᠎ᠬᠢᠨ ᠨᠠᠷᠢᠨ ᠬᠢᠨᠠᠮᠠᠭ᠋ᠠᠢ ᠪᠦᠷᠢᠳᠬᠡᠵᠦ᠂ ᠭᠣᠣᠯᠳᠠᠯᠭ᠎ᠠ᠎ᠲᠠᠢ ᠡᠭᠦᠷᠭᠡ ᠵᠢ ᠪᠦᠬᠦ ᠲᠠᠯ᠎ᠠ᠎ᠪᠠᠷ ᠡᠮᠬᠢᠯᠡᠨ ᠳᠢᠭᠯᠡᠵᠦ᠂ ᠡᠯ᠎ᠡ ᠵᠦᠢ᠍ᠯ᠎ᠤᠨ ᠲᠤᠰᠬᠠᠢ ᠵᠦᠢ᠍ᠯ᠎ᠤᠨ ᠠᠵᠢᠯ᠎ᠢ ᠭᠦᠨᠵᠡᠭᠡᠢ ᠠᠬᠢᠭᠤᠯᠵᠤ᠂ ᠤᠯᠠᠮ ᠨᠢᠭᠡ ᠠᠯᠬᠤᠮ ᠵᠥᠷᠢᠶ᠎ᠡ᠎ᠪᠠᠨ ᠡᠷᠢᠵᠦ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠵᠦ᠂ ᠡᠯ᠎ᠡ ᠵᠦᠢ᠍ᠯ᠎ᠤᠨ ᠡᠭᠦᠷᠭᠡ ᠵᠢᠨ ᠰᠡᠭᠦᠯ ᠬᠤᠷᠢᠶᠠᠬᠤ ᠪᠠ ᠪᠣᠭᠣᠮᠲᠠ ᠰᠢᠪᠲᠤᠯᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠣᠨ᠎ᠤ ᠬᠠᠷᠠᠯᠲᠠ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ᠃
ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠲᠢᠩᠬᠢᠮ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠵᠢᠴᠢ ᠠᠵᠢᠯᠲᠠᠨ ᠨᠠᠢ᠌ᠳᠠ 110 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃