ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠬᠤᠪᠧᠢ ᠵᠢᠨ ᠱ᠌ᠢ ᠶᠠᠨ᠎ᠤ ᠳ᠋ᠠᠨ ᠵᠢᠶᠠᠩ ᠺᠧᠦ ᠴᠥᠭᠥᠷᠥᠮ᠎ᠤᠨ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠶ᠋ᠢᠨ ᠲᠤᠷᠠᠴᠤᠤᠯ᠎ᠳᠤ ᠥᠭᠭᠦᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠪᠦᠲᠦᠮᠵᠢᠲᠡᠢ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠤᠨ ᠰᠢᠨ᠎ᠡ ᠪᠠᠶ᠋ᠢᠳᠠᠯ ᠰᠢᠨ᠎ᠡ ᠡᠭᠦᠷᠭᠡ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠤᠯᠤᠰ ᠲᠥᠷᠥ ᠵᠢᠨ ᠬᠡᠪ ᠪᠣᠯᠪᠠᠰᠤᠷᠠᠯ᠂ ᠤᠨᠤᠯ᠎ᠤᠨ ᠬᠢᠷᠢ ᠲᠦᠪᠰᠢᠨ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦ ᠨᠡᠮᠡᠷᠢᠯᠡᠵᠦ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡ ᠵᠢ ᠵᠢᠷᠤᠮᠵᠢᠭᠤᠯᠤᠨ ᠲᠤᠰᠬᠠᠢ᠌ᠵᠢᠭᠤᠯᠬᠤ ᠬᠢᠷᠢ ᠲᠦᠪᠰᠢᠨ᠎ᠢ ᠲᠡᠭᠡᠭᠰᠢᠯᠡᠬᠦᠯᠬᠦ ᠵᠢᠨ ᠲᠤᠰᠠᠳᠠ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠎ᠠᠴᠠ ᠳᠠᠭ᠋ᠠᠭ᠋ᠠᠨ ᠡᠷᠭᠢᠯᠡᠭᠰᠡᠨ ᠪᠥᠬᠥ ᠣᠷᠣᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠠᠮᠵᠢᠯᠲᠠ᠎ᠲᠠᠢ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠫᠧᠢ ᠳ᠋ᠡ ᠱ᠌ᠢ ᠠᠩᠭᠢ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠫᠧᠢ ᠳ᠋ᠡ ᠱ᠌ᠢ᠂ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠴᠢᠬᠤᠯᠠ ᠬᠦᠴᠦᠨ ᠮᠥᠨ᠂ ᠰᠢᠨ᠎ᠡ ᠪᠠᠶ᠋ᠢᠳᠠᠯ᠎ᠤᠨ ᠳᠣᠣᠷ᠎ᠠ ᠣᠲᠣ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠬᠤ ᠴᠢᠬᠤᠯᠠ ᠭᠠᠷᠳᠠᠴᠠ ᠪᠠ ᠪᠦᠲᠦᠮᠵᠢᠲᠡᠢ ᠠᠷᠭ᠎ᠠ ᠵᠠᠮ ᠮᠥᠨ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠲᠠᠯ᠎ᠠ ᠵᠢᠨ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠢ ᠨᠡᠩ ᠲᠣᠪᠣᠢ᠌ᠮ᠎ᠠ ᠪᠠᠶ᠋ᠢᠷᠢᠨ᠎ᠳᠤ ᠲᠠᠯᠪᠢᠨ ᠠᠳᠬᠤᠵᠤ᠂ ᠨᠠᠮ᠎ᠤᠨ ᠲᠥᠪ ᠬᠣᠷᠢᠶ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠰᠠᠢ᠍ᠢ᠍ᠨ ᠲᠤᠷᠠᠴᠤᠤᠯ᠎ᠤᠨ ᠦᠢ᠍ᠯᠡᠴᠢᠯᠡᠭᠡᠨ᠎ᠤ ᠠᠵᠢᠯ᠎ᠢ ᠥᠨᠳᠥᠷ ᠲᠦᠪᠰᠢᠨ ᠵᠶ᠋ᠡᠷ ᠠᠬᠢᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠤᠯᠠᠨ ᠲᠦᠮᠡᠨᠴᠢᠯᠡᠨ ᠤᠯᠠᠮᠵᠢᠯᠠᠬᠤ ᠵᠢ ᠲᠠᠰᠤᠷᠠᠯᠳᠡ ᠦᠭᠡᠢ ᠭᠦᠨᠵᠡᠭᠡᠢ᠌ᠷᠡᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠨᠡᠩ ᠤᠯᠠᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠨᠡᠩ ᠤᠯᠠᠨ ᠬᠦᠴᠦᠨ ᠴᠢᠳᠠᠯ᠎ᠢ ᠨᠢᠭᠲᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠫᠧᠢ ᠳ᠋ᠡ ᠱ᠌ᠢ ᠬᠡᠯᠡᠬᠦ᠎ᠳᠡᠭᠡᠨ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡ ᠵᠢ ᠲᠦᠷᠭᠡᠳᠬᠡᠨ ᠠᠬᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠵᠢᠨ ᠵᠡᠷᠭᠡ᠎ᠳᠤ ᠪᠠᠰᠠ ᠠᠵᠢᠯ᠎ᠤᠨ ᠳᠤᠮᠳᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠳᠠᠷᠠᠭ᠋ᠠᠴᠢ ᠵᠢᠨ ᠠᠯᠬᠤᠮ᠎ᠳᠤ᠂ ᠰᠢᠨ᠎ᠡ ᠪᠠᠶ᠋ᠢᠳᠠᠯ᠎ᠳᠤ ᠵᠣᠬᠢᠴᠠᠭᠤᠯᠤᠨ᠂ ᠰᠢᠨ᠎ᠡ ᠱᠠᠭ᠋ᠠᠷᠳᠠᠯᠭ᠎ᠠ ᠵᠢ ᠡᠵᠡᠮᠰᠢᠵᠦ᠂ ᠭᠣᠣᠯ ᠳᠠᠭ᠋ᠠᠷᠢᠯᠲᠠ ᠵᠢᠨ ᠴᠢᠭᠯᠡᠯ ᠵᠶ᠋ᠡᠨ ᠲᠣᠳᠣᠷᠬᠠᠢ᠌ᠯᠠᠵᠤ᠂ ᠠᠵᠢᠯ᠎ᠤᠨ ᠭᠣᠣᠯᠳᠠᠯᠭ᠎ᠠ᠎ᠪᠠᠨ ᠣᠨᠣᠪᠴᠢᠲᠠᠢ ᠡᠷᠢᠵᠦ᠂ ᠠᠮᠢ ᠠᠬᠤᠢ ᠵᠢᠨ ᠪᠣᠯᠪᠠᠰᠤᠨ᠎ᠤ ᠥᠷᠲᠡᠭ᠎ᠤᠨ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠯᠠᠮᠵᠢᠯᠠᠬᠤ ᠳᠡᠭᠡᠷ᠎ᠡ ᠬᠦᠴᠦ ᠲᠠᠯᠪᠢᠵᠤ᠂ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠳᠡᠭᠡᠷ᠎ᠡ ᠪᠣᠳᠠᠲᠤ ᠦᠷ᠎ᠡ ᠪᠦᠲᠦᠮᠵᠢ ᠵᠢ ᠡᠷᠬᠢᠮᠯᠡᠨ᠂ ᠠᠵᠢᠯᠯᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠰᠢᠨ᠎ᠡ ᠵᠢ ᠡᠭᠦᠳᠴᠦ᠂ ᠨᠡᠷᠡᠲᠦ ᠲᠡᠮᠳᠡᠭᠲᠦ ᠵᠢ ᠡᠭᠦᠳᠦᠨ ᠪᠠᠢ᠌ᠭᠤᠯᠬᠤ ᠵᠢ ᠭᠦᠨᠵᠡᠭᠡᠢ᠌ᠷᠡᠭᠦᠯᠬᠦ ᠲᠠᠯ᠎ᠠ᠎ᠪᠠᠷ ᠰᠢᠪᠲᠤᠯᠤᠯᠲᠠ ᠭᠠᠷᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡ ᠵᠢᠨ ᠡᠷᠡᠭᠦᠯ ᠪᠥᠭᠡᠳ ᠵᠢᠷᠤᠮᠵᠢᠯ᠎ᠲᠠᠢ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠥᠷᠨᠢᠬᠦ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠠᠩ ᠤᠯᠠᠨ ᠬᠥᠳᠡᠯᠭᠡᠬᠦ ᠬᠦᠴᠦᠨ ᠨᠡᠮᠡᠷᠢᠯᠡᠵᠦ᠂ ᠨᠠᠩ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠢ ᠭᠡᠪᠡ᠃
ᠲᠤᠰ ᠤᠳᠠᠭ᠋ᠠᠨ᠎ᠤ ᠪᠣᠯᠪᠠᠰᠤᠷᠠᠯ᠎ᠢ ᠬᠢᠴᠢᠶᠡᠯ ᠵᠶ᠋ᠡᠷ ᠬᠠᠪᠰᠤᠷᠤᠨ ᠵᠢᠯᠤᠭᠣᠳᠬᠤ ᠪᠠ ᠲᠤᠷᠰᠢᠯᠭ᠎ᠠ᠎ᠪᠠᠨ ᠬᠤᠪᠢᠶᠠᠯᠴᠠᠨ ᠡᠳ᠋ᠯᠡᠬᠦ ᠵᠢ ᠤᠶᠠᠯᠳᠤᠭᠤᠯᠬᠤ ᠬᠡᠯᠪᠡᠷᠢ᠎ᠪᠠᠷ ᠶᠠᠪᠤᠭᠳᠠᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠯᠤᠰ ᠲᠥᠷᠥ ᠵᠢᠨ ᠰᠤᠳᠤᠯᠭ᠋ᠠᠨ᠎ᠤ ᠲᠥᠪ᠂ ᠳᠤᠮᠳᠠᠳᠤ ᠤᠯᠤᠰ᠎ᠤᠨ ᠵᠠᠯᠠᠭᠤᠴᠤᠳ᠎ᠤᠨ ᠰᠣᠨᠢᠨ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠎ᠢ ᠤᠷᠢᠵᠤ᠂ ᠲᠣᠰ ᠲᠣᠰ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠠᠷᠠᠳ ᠨᠠᠢ᠌ᠳᠠ ᠵᠢᠨ ᠠᠵᠢᠯᠯᠠᠭ᠎ᠠ ᠵᠢ ᠲᠦᠷᠭᠡᠪᠴᠢᠯᠡᠨ ᠠᠬᠢᠭᠤᠯᠬᠤ᠂ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠨᠡᠢ᠌ᠭᠡᠮ᠎ᠤᠨ ᠬᠡᠷᠡᠭᠴᠡᠭᠡ ᠵᠢ ᠢᠯᠡᠷᠡᠭᠦᠯᠬᠦ ᠪᠠ ᠬᠥᠲᠥᠯᠥᠨ ᠳᠠᠭ᠋ᠠᠭᠤᠯᠬᠤ᠂ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭᠲᠦ ᠵᠢᠨ ᠵᠦᠢ᠍ᠯᠡᠰ᠎ᠢ ᠤᠬᠠᠭ᠋ᠠᠯᠠᠨ ᠰᠡᠳᠦᠵᠦ ᠪᠤᠢ ᠪᠣᠯᠭ᠋ᠠᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠬᠢᠴᠢᠶᠡᠯ ᠣᠷᠣᠵᠤ ᠬᠠᠪᠰᠤᠷᠤᠨ ᠵᠢᠯᠤᠭᠣᠳᠬᠤ ᠵᠢᠨ ᠬᠠᠮᠲᠤ 7 ᠰᠢᠯᠢᠳᠡᠭ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠢ ᠤᠷᠢᠵᠤ ᠲᠤᠷᠰᠢᠯᠭ᠎ᠠ᠎ᠪᠠᠨ ᠬᠤᠪᠢᠶᠠᠯᠴᠠᠭᠤᠯᠵᠠᠢ᠃
ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠬᠡᠰᠡᠭ ᠬᠣᠰᠢᠭᠤ ᠰᠢᠶᠠᠨ (ᠬᠤᠳᠠ᠂ ᠲᠣᠭᠣᠷᠢᠭ)᠎ᠤ ᠬᠤᠪᠢᠶᠠᠷᠢ ᠲᠣᠪᠴᠢᠶ᠎ᠠ ᠵᠢᠨ ᠤᠬᠠᠭᠤᠯᠭ᠎ᠠ ᠬᠥᠮᠦᠵᠢᠯ᠎ᠤᠨ ᠠᠵᠢᠯ᠎ᠤᠨ ᠬᠠᠷᠢᠭᠤᠴᠠᠯᠭ᠋ᠠᠲᠠᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠠᠶ᠋ᠢᠨ ᠲᠤᠷᠠᠴᠤᠤᠯ᠎ᠤᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠨᠥᠬᠥᠳ ᠨᠠᠢ᠌ᠳᠠ 70 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃