2025 ᠣᠨ᠎ᠤ 7 ᠰᠠᠷ᠎ᠠ᠎ᠶᠢᠨ 30᠎ᠤ ᠡᠳᠦᠷ᠎ᠡᠴᠡ 8 ᠰᠠᠷ᠎ᠠ᠎ᠶᠢᠨ 1᠎ᠦ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠎ᠳᠤ ᠪᠥᠬᠥ ᠣᠷᠣᠨ᠎ᠤ 2025 ᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠶ ᠪᠠᠯᠠ ᠮᠥᠩᠭᠥ᠎ᠶᠢᠨ ᠲᠥᠷᠥᠯ ᠵᠦᠶ᠋ᠯ᠎ᠦᠨ ᠬᠢᠨᠠᠯᠲᠠ ᠬᠠᠮᠢᠶᠠᠷᠤᠯᠳᠠ᠎ᠶᠢᠨ ᠪᠣᠯᠪᠠᠰᠤᠷᠠᠯ ᠡᠷᠬᠢᠯᠡᠪᠡ᠃ ᠲᠤᠰ ᠤᠳᠠᠭᠠᠨ᠎ᠤ ᠪᠣᠯᠪᠠᠰᠤᠷᠠᠯ ᠨᠢ ᠲᠤᠰᠬᠠᠶ ᠵᠦᠢᠯ᠎ᠦᠨ ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠂ ᠠᠵᠢᠯ᠎ᠤᠨ ᠦᠷ᠎ᠡ ᠪᠦᠲᠦᠮᠵᠢ᠎ᠶᠢᠨ ᠬᠠᠮᠢᠶᠠᠷᠤᠯᠲᠠ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠂ ᠲᠥᠷᠥᠯ ᠵᠦᠢᠯ᠎ᠦᠨ ᠬᠥᠮᠥᠷᠭᠡ᠎ᠶᠢᠨ ᠪᠦᠲᠦᠭᠡᠨ ᠪᠠᠶ᠋ᠢᠭᠤᠯᠤᠯᠲᠠ ᠵᠡᠷᠭᠡ ᠠᠭᠤᠯᠭ᠎ᠠ᠎ᠶᠢᠨ ᠲᠣᠭᠣᠷᠢᠨ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠭᠠᠳᠠᠭᠠᠳᠤ᠎ᠲᠠᠢ ᠬᠠᠮᠲᠤᠷᠠᠯᠴᠠᠬᠤ ᠪᠠ ᠰᠣᠯᠢᠯᠴᠠᠬᠤ ᠲᠥᠪ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠣᠷᠴᠢᠨ ᠲᠣᠭᠣᠷᠢᠨ᠎ᠤ ᠲᠥᠯᠥᠪᠵᠢᠭᠦᠯᠭᠡ᠎ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠵᠡᠷᠭᠡ ᠲᠤᠰᠬᠠᠶ ᠮᠡᠷᠭᠡᠵᠢᠯᠲᠡᠨ ᠪᠠᠭᠰᠢ᠎ᠶᠢ ᠤᠷᠢᠨ ᠬᠢᠴᠢᠶᠡᠯ ᠣᠷᠣᠭᠤᠯᠵᠤ᠂ ᠡᠯ᠎ᠡ ᠠᠶ᠋ᠢᠮᠠᠭ ᠬᠣᠲᠠ᠎ᠶᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠵᠢᠴᠢ ᠬᠠᠮᠢᠶ᠎ᠠ ᠪᠥᠬᠥᠶ ᠬᠣᠰᠢᠭᠤ ᠰᠢᠶᠠᠨ᠎ᠤ ᠬᠤᠪᠢᠶᠠᠷᠢ ᠲᠣᠪᠴᠢᠶ᠎ᠠ᠎ᠶᠢᠨ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠦᠨ 120 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ ᠸᠠᠩ ᠢ ᠯᠢᠩ ᠬᠤᠷᠠᠯ᠎ᠳᠤ ᠣᠷᠣᠯᠴᠠᠭᠰᠠᠨ ᠪᠥᠭᠡᠳ ᠠᠩᠬᠢ ᠡᠬᠢᠯᠡᠭᠦᠯᠬᠦ ᠲᠠᠢ᠍ᠢᠴᠢᠯᠠᠯᠳᠠᠶᠢᠨ ᠶᠠᠷᠢᠶ᠎ᠠ ᠲᠠᠯᠪᠢᠪᠠ᠃ 《 ᠠᠷᠪᠠᠨ ᠳᠥᠷᠪᠡᠳᠦᠭᠡᠷ ᠲᠠᠪᠤᠨ ᠵᠢᠯ 》᠎ᠡᠴᠡ ᠨᠠᠭᠠᠰᠢᠬᠢ ᠮᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠶ ᠪᠡᠯᠡ ᠮᠥᠩᠭᠥ᠎ᠶᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠭᠦᠨᠵᠡᠭᠡᠶ ᠰᠠᠶ᠋ᠢᠲᠤᠷ ᠬᠢᠬᠦ᠎ᠶᠢ ᠲᠤᠯᠭᠠᠭᠤᠷᠢᠯᠠᠬᠤ᠎ᠳᠤ ᠣᠯᠤᠭᠰᠠᠨ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠠᠵᠢᠯ᠎ᠤᠨ ᠳᠤᠮᠳᠠ ᠲᠤᠯᠭᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠪᠣᠯᠤᠨ ᠰᠢᠨ᠎ᠡ ᠠᠰᠠᠭᠤᠳᠠᠯ᠎ᠢ ᠭᠦᠨᠵᠡᠭᠡᠢ ᠵᠠᠳᠠᠯᠵᠤ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠦᠨ ᠬᠢᠨᠢ ᠲᠤᠤᠷᠠᠬᠢ ᠮᠡᠳᠦ ᠱᠠᠭᠠᠷᠳᠠᠵᠠᠢ ᠄ ᠨᠢᠭᠡ᠎ᠳᠦ᠂ ᠤᠯᠤᠰ ᠲᠦᠷᠦ᠎ᠶᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠤᠰᠬᠠᠢ ᠪᠡᠯᠡ ᠮᠥᠩᠭᠥ᠎ᠶᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠭᠦᠨᠵᠡᠭᠡᠢ ᠬᠢᠬᠦ᠎ᠶᠢ ᠲᠤᠯᠭᠠᠭᠤᠷᠢᠯᠠᠬᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠤᠨ ᠪᠦᠳᠦᠭᠡᠨ ᠪᠠᠶ᠋ᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠦᠵᠡᠭᠦᠯᠬᠦ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠪᠡᠯᠡ ᠮᠥᠩᠭᠥ᠎ᠶᠢ ᠰᠠᠶ᠋ᠢᠲᠤᠷ ᠬᠠᠮᠢᠶᠠᠷᠴᠤ ᠰᠠᠶ᠋ᠢᠲᠤᠷ ᠬᠡᠷᠡᠭᠯᠡᠬᠦ ᠤᠯᠤᠰ ᠲᠦᠷᠦ᠎ᠶᠢᠨ ᠤᠬᠠᠮᠰᠠᠷ᠎ᠢᠶᠠᠨ ᠦᠨᠡᠨ ᠬᠦ᠌ ᠴᠢᠩᠭᠠᠳᠬᠠᠬᠤ ᠬᠡᠷᠡᠭᠲᠡᠢ; ᠬᠣᠶᠠᠷ᠎ᠲᠤ᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠬᠠᠵᠤ᠂ 《 ᠵᠣᠭᠣᠰ ᠵᠠᠷᠤᠪᠠᠯ ᠵᠠᠪᠠᠯ ᠦᠷ᠎ᠡ ᠪᠦᠲᠦᠮᠵᠢ᠎ᠶᠢ ᠡᠷᠬᠢᠮᠯᠡᠵᠦ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ 》 ᠠᠵᠢᠯ᠎ᠤᠨ ᠦᠷ᠎ᠡ ᠪᠦᠲᠦᠮᠵᠢ᠎ᠶᠢᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠲᠦᠷᠦᠯ ᠵᠦᠢᠯ᠎ᠦᠨ ᠪᠡᠯᠡ ᠮᠥᠩᠭᠥ᠎ᠶᠢᠨ ᠪᠦᠬᠦ ᠶᠠᠪᠤᠴᠠ᠎ᠶᠢᠨ ᠬᠠᠮᠢᠶᠠᠷᠤᠯᠲᠠ᠎ᠶᠢᠨ ᠲᠣᠭᠲᠠᠴᠠ᠎ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠦᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠲᠣᠳᠣᠷᠬᠠᠶ᠋ᠢᠯᠠᠵᠤ᠂ ᠬᠠᠮᠢᠶᠠᠷᠤᠯᠲᠠ᠎ᠶᠢᠨ ᠨᠡᠢᠯᠡᠯ ᠬᠦᠴᠦᠨ᠎ᠢ ᠪᠦᠷᠢᠯᠳᠦᠭᠦᠯᠵᠦ᠂ ᠨᠠᠷᠢᠯᠢᠬ᠍ᠵᠢᠭᠤᠯᠤᠭᠰᠠᠨ ᠬᠠᠮᠢᠶᠠᠷᠤᠯᠲᠠ᠎ᠶᠢᠨ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ; ᠭᠤᠷᠪᠠ᠎ᠳᠤ᠂ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠶᠢ ᠴᠢᠩᠭᠠᠳᠬᠠᠵᠤ᠂ ᠬᠠᠷᠢᠭᠤᠴᠠᠯᠭ᠎ᠠ᠎ᠶᠢᠨ ᠤᠬᠠᠮᠰᠠᠷ᠎ᠢᠶᠠᠨ ᠴᠢᠨᠠᠭᠰᠢᠳᠠ ᠴᠢᠩᠭᠠᠳᠬᠠᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠡᠷᠴᠢᠮ᠎ᠢᠶᠡᠨ ᠦᠨᠡᠨ ᠬᠦ᠌ ᠴᠢᠩᠭᠠᠷᠠᠭᠤᠯᠵᠤ᠂ ᠲᠤᠰᠬᠠᠢ ᠲᠦᠷᠦᠯ᠎ᠦᠨ ᠪᠡᠯᠡ ᠮᠥᠩᠭᠥ᠎ᠶᠢᠨ ᠬᠢᠨᠠᠯᠲᠠ ᠬᠠᠮᠢᠶᠠᠷᠤᠯᠲᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠨᠢᠭᠡ᠎ᠡᠴᠡ ᠵᠦᠢᠴᠢᠯᠡᠵᠦ ᠨᠦᠬᠦᠭᠡ᠎ᠶᠢ ᠮᠡᠳᠡᠵᠦ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠶ᠋ᠢᠭᠤᠯᠵᠤ᠂ ᠠᠰᠠᠭᠤᠳᠠᠯ ᠲᠠᠬᠢᠨ ᠭᠠᠷᠬᠤ᠎ᠠᠴᠠ ᠵᠠᠶ᠋ᠢᠯᠠᠰᠬᠢᠵᠦ᠂ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠶᠢ ᠦᠨᠡᠨ ᠬᠦ᠌ ᠴᠢᠩᠭᠠᠳᠬᠠᠬᠤ ᠬᠡᠷᠡᠭᠲᠡᠢ᠃
ᠪᠣᠯᠪᠠᠰᠤᠷᠠᠯ᠎ᠢᠶᠠᠷ ᠳᠡᠮᠵᠢᠨ᠂ ᠠᠮᠢ ᠠᠬᠤᠶ ᠣᠷᠴᠢᠨ ᠲᠣᠭᠣᠷᠢᠨ᠎ᠤ ᠪᠠᠯᠠ ᠮᠥᠩᠭᠥ᠎ᠶᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ᠎ᠤᠨ ᠴᠢᠭᠯᠡᠯ᠎ᠢ ᠲᠣᠳᠣᠷᠬᠠᠶ᠋ᠢᠯᠠᠨ᠂ ᠬᠠᠮᠢᠶ᠎ᠠ ᠪᠥᠬᠥᠶ ᠲᠥᠷᠥ᠎ᠶᠢᠨ ᠪᠣᠳᠣᠯᠭ᠎ᠠ᠎ᠶᠢ ᠡᠵᠡᠮᠰᠢᠵᠦ᠂ ᠪᠠᠯᠠ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠠᠰᠢᠭ᠋᠎ᠢ ᠪᠦᠲᠦᠮᠵᠢᠲᠡᠶ ᠳᠡᠭᠡᠭᠰᠢᠯᠡᠭᠦᠯᠪᠡ᠃