ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠤᠤ ᠭᠠᠩ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ ᠪᠠ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠲᠤᠷᠰᠢᠯᠲᠠ᠎ᠶᠢᠨ ᠣᠷᠣᠨ᠎ᠢ ᠡᠭᠦᠳᠦᠨ ᠪᠠᠢᠭᠤᠯᠤᠨ᠎ᠠ
ᠨᠡᠶ᠋ᠢᠲᠡᠯᠡᠭᠰᠡᠨ ᠴᠠᠭ᠄ 2025-11-29

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠤᠤ ᠭᠠᠩ ᠣᠢᠷ᠎ᠠ᠎ᠳᠤ ᠵᠠᠰᠠᠭ᠎ᠤᠨ ᠣᠷᠳᠣᠨ᠎ᠤ ᠪᠠᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ᠎ᠶᠢᠨ ᠫᠢᠩ᠎ᠤᠨ ᠨᠠᠮ᠎ᠤᠨ ᠭᠠᠳᠠᠨᠠᠬᠢ ᠬᠥᠮᠥᠰ᠎ᠦᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠠᠢᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠬᠤ ᠦᠶ᠎ᠡ᠎ᠶᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ ᠪᠣᠯᠣᠨ 《 ᠵᠠᠭᠤᠨ ᠵᠢᠯ᠎ᠦᠨ ᠰᠠᠬᠢᠨ ᠬᠠᠮᠠᠭᠠᠯᠠᠯᠲᠠ ︱ ᠪᠣᠷᠣᠬᠤᠲᠠ᠎ᠠᠴᠠ ᠬᠠᠭᠠᠨ᠎ᠤ ᠣᠷᠳᠣᠨ᠎ᠤ ᠮᠦᠽᠧᠢ 》 ᠵᠢᠨ ᠦᠵᠡᠰᠬᠦᠯᠡᠩ᠎ᠢ ᠲᠣᠭᠣᠷᠢᠨ ᠦᠵᠡᠬᠦ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠬᠣᠯᠪᠣᠭᠳᠠᠯ ᠪᠦᠬᠦᠢ ᠠᠵᠢᠯ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
       ᠬᠤᠷᠠᠯ᠎ᠠᠴᠠ᠂ ᠬᠦᠯᠢᠶᠡᠵᠦ ᠪᠣᠯᠬᠤ ᠦᠭᠡᠢ ᠤᠳᠠᠭᠠᠰᠢᠷᠠᠭᠤᠯᠵᠤ ᠪᠣᠯᠬᠤ ᠦᠭᠡᠢ ᠲᠤᠯᠭᠠᠮ᠎ᠠ ᠰᠡᠳᠬᠢᠯᠭᠡ᠎ᠪᠡᠷ 《 ᠠᠷᠪᠠᠨ ᠲᠠᠪᠤᠳᠤᠭᠠᠷ ᠲᠠᠪᠤᠨ ᠵᠢᠯ 》 ᠪᠣᠯᠣᠨ ᠢᠷᠡᠬᠦ ᠵᠢᠯ᠎ᠦᠨ ᠠᠵᠢᠯ᠎ᠢ ᠰᠠᠢᠲᠤᠷ ᠲᠥᠯᠥᠪᠵᠢᠭᠦᠯᠵᠦ᠂ 《 ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠲᠤᠬᠠᠢ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠰᠠᠨᠠᠯ 》᠎ᠤᠨ ᠪᠠᠢᠷᠢᠯᠠᠭᠤᠯᠤᠯᠲᠠ᠎ᠶᠢᠨ ᠡᠭᠦᠷᠭᠡ᠎ᠶᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠥᠨᠳᠥᠷ ᠲᠦᠪᠰᠢᠨ᠎ᠲᠠᠢ ᠨᠡᠭᠡᠭᠡᠯᠲᠡ᠎ᠪᠡᠷ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠥᠷᠭᠡᠨ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠶᠢ ᠡᠷᠴᠢᠮᠵᠢᠭᠦᠯᠦᠨ ᠠᠬᠢᠭᠤᠯᠵᠤ᠂ ᠴᠢᠯᠦᠭᠡᠲᠦ ᠠᠷᠠᠯᠵᠢᠶᠠᠨ᠎ᠤ ᠣᠷᠣᠨ᠎ᠢ ᠲᠦᠷᠭᠡᠨ ᠪᠠᠢᠭᠤᠯᠵᠤ᠂ ᠶᠡᠷᠦᠩᠬᠡᠢᠯᠡᠭᠰᠡᠨ ᠪᠠᠲᠤᠯᠠᠭ᠎ᠠ᠎ᠶᠢᠨ ᠣᠷᠣᠨ᠎ᠤ ᠴᠢᠳᠠᠪᠤᠷᠢ᠎ᠶᠢᠨ ᠲᠡᠰ᠎ᠢ ᠳᠡᠭᠡᠭᠰᠢᠯᠡᠭᠦᠯᠬᠦ ᠬᠡᠷᠡᠭᠲᠡᠢ᠃ ᠬᠣᠪᠣᠷ ᠨᠠᠨᠳᠢᠨ ᠰᠣᠶᠣᠯ᠎ᠤᠨ ᠥᠪ᠎ᠢ ᠰᠠᠢᠲᠤᠷ ᠬᠠᠮᠠᠭᠠᠯᠠᠨ ᠵᠠᠯᠭᠠᠮᠵᠢᠯᠠᠵᠤ᠂ ᠲᠡᠦᠬᠡ᠎ᠶᠢᠨ ᠳᠤᠷᠠᠰᠬᠠᠯᠲᠤ ᠵᠦᠢᠯᠡᠰ᠎ᠢ ᠠᠮᠢᠳᠤᠯᠢᠭ᠍ᠵᠢᠭᠤᠯᠤᠨ ᠠᠰᠢᠭ᠍ᠯᠠᠬᠤ ᠠᠵᠢᠯ᠎ᠢ ᠰᠠᠢᠲᠤᠷ ᠬᠢᠬᠦ ᠬᠡᠷᠡᠭᠲᠡᠢ᠃ 《 ᠤᠮᠠᠷᠠᠲᠤ᠎ᠶᠢᠨ ᠭᠤᠷᠪᠠᠨ ᠣᠷᠣᠨ 》᠎ᠤ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠣᠷᠢᠭ᠋᠎ᠢ ᠴᠢᠨᠠᠷ ᠰᠠᠢᠲᠠᠢ ᠪᠦᠲᠦᠭᠡᠨ ᠪᠠᠢᠭᠤᠯᠵᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠨ ᠠᠰᠢᠭ᠍ᠯᠠᠬᠤ᠎ᠶᠢ ᠴᠢᠩᠭᠠᠳᠬᠠᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠎ᠤᠨ ᠬᠣᠰᠢᠭᠤᠴᠢ ᠣᠷᠣᠨ ᠪᠣᠯᠣᠨ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠲᠤᠷᠰᠢᠯᠲᠠ᠎ᠶᠢᠨ ᠣᠷᠣᠨ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
       ᠬᠤᠷᠠᠯ᠎ᠠᠴᠠ᠂ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠬᠦᠴᠦ᠎ᠪᠡᠨ ᠲᠥᠪᠯᠡᠷᠡᠭᠦᠯᠦᠨ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠪᠣᠢᠵᠢᠭᠤᠯᠵᠤ᠂ ᠰᠦ᠎ᠶᠢᠨ ᠦᠢᠯᠡᠰ ᠪᠣᠯᠣᠨ ᠦᠷ᠎ᠡ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ᠎ᠶᠢ ᠭᠦᠨᠵᠡᠭᠡᠢᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠲᠦᠮᠵᠢᠲᠡᠢ ᠵᠣᠯᠭᠠᠭᠤᠯᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠤᠯᠤᠰ᠎ᠤᠨ ᠲᠡᠰ᠎ᠤᠨ ᠰᠢᠨ᠎ᠡ᠎ᠶᠢ ᠡᠭᠦᠳᠬᠦ ᠲᠠᠪᠴᠠᠩ᠎ᠢ ᠲᠦᠷᠭᠡᠨ ᠪᠠᠢᠭᠤᠯᠵᠤ᠂ ᠪᠦᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ᠎ᠶᠢᠨ ᠬᠦᠴᠦᠨ᠎ᠦ ᠲᠣᠣᠷ᠎ᠤᠨ ᠥᠪᠥᠷ ᠮᠣᠩᠭᠣᠯ᠎ᠤᠨ ᠵᠠᠩᠭᠢᠯᠠᠭ᠎ᠠ᠎ᠶᠢᠨ ᠴᠡᠭ᠎ᠢ ᠰᠠᠢᠲᠤᠷ ᠪᠦᠲᠦᠭᠡᠨ ᠪᠠᠢᠭᠤᠯᠵᠤ᠂ ᠪᠣᠬᠢᠷᠲᠤᠯ ᠦᠭᠡᠢ ᠪᠣᠳᠣᠯᠭ᠎ᠠ᠎ᠶᠢᠨ ᠬᠦᠴᠦᠨ᠎ᠦ ᠤᠷᠢᠳ᠎ᠢᠶᠠᠷ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠬᠡᠷᠡᠭᠲᠡᠢ᠃ ᠡᠨᠧᠷᠭᠢ᠎ᠶᠢᠨ ᠠᠵᠤ ᠦᠢᠯᠡᠰ ᠪᠣᠯᠣᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠳᠠᠪᠠᠭᠤᠯᠢᠭ᠋᠎ᠢ ᠰᠠᠢᠲᠤᠷ ᠪᠠᠳᠠᠷᠠᠭᠤᠯᠵᠤ᠂ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠵᠤ ᠰᠢᠩᠭᠡᠬᠡᠨ ᠠᠪᠬᠤ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠳᠤ ᠦᠶ᠎ᠡ᠎ᠶᠢᠨ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ ᠬᠣᠪᠣᠷ ᠰᠢᠷᠣᠢ᠎ᠶᠢᠨ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠨᠡᠭᠡᠭᠡᠨ ᠠᠰᠢᠭ᠍ᠯᠠᠬᠤ᠎ᠶᠢ ᠴᠢᠩᠭᠠᠳᠬᠠᠬᠤ ᠬᠡᠷᠡᠭᠲᠡᠢ᠃ ᠲᠦᠷᠭᠡᠨ᠎ᠦ ᠭᠠᠯᠲᠤ᠂ ᠵᠠᠰᠠᠮᠠᠯ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ ᠰᠠᠭᠤᠷᠢ ᠲᠥᠬᠦᠭᠡᠷᠦᠮᠵᠢ᠎ᠶᠢᠨ ᠳᠤᠲᠠᠭᠤᠳᠠᠯ᠎ᠢ ᠠᠯᠬᠤᠮ ᠠᠯᠬᠤᠮ᠎ᠢᠶᠠᠷ ᠨᠥᠬᠥᠪᠦᠷᠢᠯᠡᠵᠦ᠂ ᠵᠠᠩᠭᠢᠯᠠᠭ᠎ᠠ᠎ᠶᠢᠨ ᠠᠵᠤ ᠠᠬᠤᠢ᠎ᠶᠢ ᠶᠡᠬᠡ᠎ᠪᠡᠷ ᠬᠥᠭᠵᠢᠭᠦᠯᠵᠦ᠂ ᠡᠳ᠋ ᠪᠠᠷᠠᠭᠠᠨ᠎ᠤ ᠭᠦᠢᠯᠭᠡᠭᠡᠨ᠎ᠦ ᠥᠪᠡᠷ᠎ᠦᠨ ᠦᠷᠳᠡᠭ᠎ᠢ ᠪᠠᠭᠤᠷᠠᠭᠤᠯᠬᠤ ᠬᠡᠷᠡᠭᠲᠡᠢ᠃ 《 ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ 》 ᠪᠡᠷ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ ᠡᠵᠡᠩᠨᠡᠯᠲᠡ᠎ᠶᠢᠨ ᠲᠣᠭᠲᠠᠴᠠ᠎ᠶᠢ ᠰᠢᠯᠤᠭᠤᠳᠬᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠵᠤ᠂ ᠨᠡᠢᠭᠡᠮ᠎ᠦᠨ ᠶᠡᠬᠡ ᠲᠠᠯ᠎ᠠ᠎ᠶᠢᠨ ᠡᠶ᠎ᠡ ᠵᠣᠬᠢᠴᠠᠯ᠎ᠲᠠᠢ ᠲᠣᠭᠲᠠᠭᠤᠨ ᠪᠠᠢᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号