ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠠᠮᠢ ᠠᠬᠤᠢ ᠵᠢᠨ ᠨᠣᠭᠣᠭ᠋ᠠᠨ ᠥᠩᠭᠡ᠎ᠪᠠᠷ ᠠᠷᠠᠳ᠎ᠤᠨ ᠠᠮᠢᠳᠤᠷᠠᠯ᠎ᠢ ᠳᠤᠯᠠᠭ᠋ᠠᠯᠠᠨ᠎ᠠ᠄ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭ᠋ᠠᠭ᠋ᠠᠴᠢᠯᠠᠨ ᠬᠣᠯᠪᠣᠭ᠋ᠠᠯᠠᠭᠰᠠᠨ ᠨᠡᠢ᠌ᠭᠡᠮ ᠲᠣᠭᠣᠷᠢᠭ᠎ᠤᠨ ᠬᠦᠴᠢᠷᠳᠡᠯᠲᠡᠢ ᠤᠯᠠᠨ ᠲᠦᠮᠡᠨ᠎ᠢ ᠲᠣᠬᠣᠨᠢᠭᠤᠯᠪᠠ
ᠨᠡᠶ᠋ᠢᠲᠡᠯᠡᠭᠰᠡᠨ ᠴᠠᠭ᠄ 2025-02-21

      2025 ᠣᠨ᠎ᠤ ᠴᠠᠭ᠋ᠠᠨ ᠰᠠᠷ᠎ᠠ ᠡᠳᠦᠷ ᠢᠷᠡᠬᠦᠶ᠎ᠡ ᠣᠶ᠋ᠢᠷᠠᠳᠬᠤ ᠵᠢ ᠳᠠᠭ᠋ᠠᠯᠳᠤᠨ᠂ ᠬᠦᠴᠢᠷᠳᠡᠯᠲᠡᠢ ᠤᠯᠠᠨ ᠲᠦᠮᠡᠨ᠎ᠤ ᠬᠠᠯᠠᠭᠤᠨ ᠳᠤᠯᠠᠭ᠋ᠠᠨ ᠪᠠᠶᠠᠷ ᠬᠦᠷ᠎ᠲᠠᠢ᠎ᠪᠠᠷ ᠪᠠᠶᠠᠷ᠎ᠤᠨ ᠡᠳᠦᠷ ᠵᠶ᠋ᠡᠨ ᠥᠩᠭᠡᠷᠡᠭᠦᠯᠬᠦ᠎ᠳᠤ ᠬᠦᠴᠦᠨ ᠨᠡᠮᠡᠷᠢᠯᠡᠵᠦ᠂ ᠨᠡᠢ᠌ᠭᠡᠮ ᠲᠣᠭᠣᠷᠢᠭ᠎ᠤᠨ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠣᠷᠢᠨ᠎ᠢ ᠬᠠᠮᠠᠭ᠋ᠠᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠨᠠᠮ᠎ᠤᠨ ᠡᠭᠦᠷ ᠬᠣᠯᠪᠤᠭ᠋ᠠᠯᠠᠨ ᠳᠠᠭ᠋ᠠᠭ᠋ᠠᠴᠢᠯᠠᠨ ᠬᠣᠯᠪᠣᠭ᠋ᠠᠯᠠᠭᠰᠠᠨ ᠦᠢ᠍ᠯᠡᠰ ᠪᠦᠲᠦᠭᠡᠯ ᠨᠡᠢ᠌ᠭᠡᠮ ᠲᠣᠭᠣᠷᠢᠭ᠎ᠲᠤ ᠬᠦᠷᠴᠦ ᠲᠣᠬᠣᠨᠢᠭᠤᠯᠬᠤ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠢ ᠤᠯᠠᠨ ᠲᠦᠮᠡᠨ᠎ᠳᠤ ᠳᠣᠲᠣᠨᠣ ᠬᠠᠯᠠᠮᠵᠢᠯᠠᠯ ᠪᠠ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠵᠡᠢ᠃
      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠠᠯᠠᠭᠤᠨ ᠳᠣᠲᠣᠨᠣ᠎ᠪᠠᠷ ᠬᠠᠪᠰᠤᠷᠤᠨ ᠲᠡᠳᠬᠦᠵᠦ ᠪᠠᠢ᠌ᠭ᠎ᠠ ᠪᠠᠶ᠋ᠢᠳᠠᠯ᠎ᠳᠤ ᠤᠯᠠᠨ ᠲᠦᠮᠡᠨ ᠶᠡᠬᠡᠳᠡ ᠰᠡᠳᠬᠢᠯ ᠬᠥᠳᠡᠯᠵᠦ᠂ ᠨᠠᠮ ᠪᠠ ᠵᠠᠰᠠᠭ᠎ᠤᠨ ᠣᠷᠳᠣᠨ᠎ᠳᠤ ᠲᠠᠯᠠᠷᠬᠠᠵᠤ ᠪᠠᠢ᠌ᠭ᠎ᠠ ᠰᠡᠳᠬᠢᠯᠭᠡ᠎ᠪᠠᠨ ᠴᠢᠩ ᠰᠡᠳᠬᠢᠯ᠎ᠠᠴᠠ᠎ᠪᠠᠨ ᠢᠯᠡᠳᠬᠡᠵᠡᠢ᠃ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠬᠥᠬᠡ ᠲᠡᠭᠷᠢ ᠴᠠᠭ᠋ᠠᠨ ᠡᠭᠦᠯᠡ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠵᠤ ᠪᠠᠶ᠋ᠢᠬᠤ᠎ᠪᠠᠷ ᠪᠠᠷᠠᠬᠤ ᠦᠭᠡᠢ ᠪᠠᠰᠠ ᠲᠡᠳᠡᠨ᠎ᠤ ᠠᠮᠢᠳᠤᠷᠠᠯ᠎ᠢ ᠦᠨᠡᠨ ᠪᠣᠳᠠᠲᠠᠢ᠎ᠪᠠᠷ ᠬᠠᠯᠠᠮᠵᠢᠯᠠᠵᠤ᠂ ᠨᠡᠢ᠌ᠭᠡᠮ ᠲᠣᠭᠣᠷᠢᠭ᠎ᠤᠨ ᠡᠶ᠎ᠡ ᠵᠣᠬᠢᠴᠠᠩᠭᠤᠢ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠵᠦ ᠪᠠᠶ᠋ᠢᠬᠤ ᠵᠢ ᠲᠡᠳᠡ ᠦᠨᠡᠨ ᠬᠦ᠌ ᠮᠡᠳᠡᠷᠡᠵᠦ ᠪᠠᠢ᠌ᠯ᠎ᠠ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠠᠷᠠᠳ ᠲᠦᠮᠡᠨ ᠵᠶ᠋ᠡᠷ ᠭᠣᠣᠯ ᠪᠣᠯᠭ᠋ᠠᠬᠤ》 ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠤᠯᠠᠨ ᠲᠦᠮᠡᠨ᠎ᠤ ᠳᠤᠮᠳᠠ ᠭᠦᠨᠵᠡᠭᠡᠢ᠌ᠷᠡᠵᠦ᠂ ᠠᠷᠠᠳ᠎ᠤᠨ ᠪᠠᠶ᠋ᠢᠳᠠᠯ ᠠᠷᠠᠳ᠎ᠤᠨ ᠰᠠᠨᠠᠭ᠎ᠠ ᠵᠢ ᠣᠢ᠌ᠯᠠᠭ᠋ᠠᠵᠤ᠂ ᠤᠯᠠᠨ ᠲᠦᠮᠡᠨ᠎ᠳᠤ ᠦᠢ᠍ᠯᠡᠴᠢᠯᠡᠬᠦ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠵᠢ ᠲᠠᠰᠤᠷᠠᠯᠳᠡ ᠦᠭᠡᠢ ᠰᠦᠪᠡᠭᠴᠢᠯᠡᠵᠦ᠂ ᠤᠯᠠᠨ ᠲᠦᠮᠡᠨ᠎ᠤ ᠪᠠᠴᠢᠮ ᠪᠡᠷᠬᠡ ᠵᠣᠪᠠᠵᠤ ᠬᠦᠰᠡᠵᠦ ᠪᠠᠢ᠌ᠭ᠎ᠠ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠡᠷᠡᠮᠵᠢ ᠵᠢᠨ ᠬᠤᠩᠬᠤ》 ᠰᠡᠷᠡᠮᠵᠢᠯᠡᠬᠦᠯᠬᠦ ᠬᠥᠮᠦᠵᠢᠯ᠎ᠤᠨ ᠹᠢᠯᠢᠮ᠎ᠢ ᠵᠣᠬᠢᠶᠠᠨ ᠪᠠᠢ᠌ᠭᠤᠯᠵᠤ ᠰᠣᠨᠢᠷᠬᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠤᠷᠢᠳᠴᠢᠯᠠᠨ ᠲᠥᠯᠥᠪᠵᠢᠭᠦᠯᠵᠦ ᠡᠷᠲᠡ ᠪᠠᠢ᠌ᠷᠢᠯᠠᠭᠤᠯᠤᠨ ᠨᠠᠷᠢᠯᠢᠭ ᠣᠨᠣᠴᠠᠲᠠᠢ᠎ᠪᠠᠷ ᠬᠦᠴᠦᠯᠡᠨ ᠨᠠᠢ᠌ᠳᠠᠪᠤᠷᠢᠵᠢᠭᠤᠯᠤᠯᠲᠠ ᠵᠢ ᠠᠳᠬᠤᠵᠤ ᠪᠣᠢ
ᠬᠥᠯᠥᠨ ᠪᠣᠢ᠌ᠷ ᠬᠣᠲᠠ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠠᠷᠭ᠎ᠠ ᠬᠡᠮᠵᠢᠶ᠎ᠡ᠎ᠪᠠᠷ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
 
             蒙ICP备05000248号