ᠳ᠋ᠧᠩᠺᠧᠤ ᠰᠢᠶᠠᠨ 70 ᠭᠠᠷᠤᠢ ᠵᠢᠯ᠎ᠤᠨ ᠲᠤᠷᠰᠢ ᠰᠢᠨ᠎ᠡ ᠴᠠᠭ ᠦᠶ᠎ᠡ ᠵᠢᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ 《ᠳ᠋ᠧᠩᠺᠧᠤ ᠵᠢᠨ ᠵᠠᠭᠪᠤᠷ》᠎ᠢ ᠬᠠᠢ᠌ᠨ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠠᠴᠠ ᠡᠯᠡᠰᠦ ᠵᠢ ᠵᠠᠰᠠᠬᠤ ᠬᠠᠮᠲᠤ ᠤᠯᠠᠨ᠎ᠳᠤ 《ᠤᠮᠠᠷᠠᠲᠤ ᠵᠢᠨ ᠦᠯᠢᠬᠡᠷ ᠳᠠᠭᠤᠷᠢᠶᠠᠯ》᠎ᠤᠨ ᠴᠣᠯᠠ ᠣᠯᠭᠣᠵᠠᠢ; ᠤᠯᠠᠭ᠋ᠠᠨᠰᠤᠬᠠᠢ ᠨᠠᠭᠤᠷ᠎ᠤᠨ ᠤᠰᠤᠨ᠎ᠤ ᠤᠷᠭᠤᠮᠠᠯ᠎ᠢ ᠡᠬᠢ ᠪᠠᠶᠠᠯᠢᠭᠵᠢᠭᠤᠯᠤᠨ ᠶᠡᠷᠦᠩᠬᠡᠢ᠌ᠯᠡᠨ ᠰᠢᠢ᠍ᠳᠪᠦᠷᠢᠯᠡᠬᠦ ᠲᠦᠷᠦᠯ ᠵᠦᠢ᠍ᠯ᠎ᠨᠢ ᠤᠯᠤᠰ᠎ᠤᠨ ᠬᠣᠶᠠᠳᠤᠭ᠋ᠠᠷ ᠪᠦᠯᠦᠭ᠎ᠤᠨ ᠠᠭᠤᠯᠠ ᠤᠰᠤᠨ᠎ᠤ ᠢᠨᠵᠧᠨᠧᠷᠢᠩ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠵᠠᠢ; ᠤᠷᠠᠳ᠎ᠤᠨ ᠤᠯᠤᠰ᠎ᠤᠨ ᠳᠡᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠡᠭᠦᠳᠡᠯ᠎ᠤᠨ ᠰᠢᠪᠠᠭᠤ ᠵᠢ ᠬᠥᠳᠡᠯᠦᠩᠭᠦᠢ ᠬᠢᠨᠠᠨ ᠬᠡᠮᠵᠢᠵᠦ ᠬᠠᠮᠠᠭ᠋ᠠᠯᠠᠬᠤ ᠤᠯᠤᠰ᠎ᠤᠨ ᠰᠢᠨ᠎ᠡ ᠵᠢ ᠡᠭᠦᠳᠬᠦ ᠬᠣᠯᠪᠣᠭ᠎ᠠ᠎ᠳᠤ ᠣᠷᠣᠯᠴᠠᠵᠠᠢ ᠁ ᠡᠳᠦᠭᠡ ᠪᠠᠶᠠᠨᠨᠠᠭᠤᠷ ᠠᠮᠢ ᠠᠬᠤᠢ᠎ᠪᠠᠷ ᠵᠶ᠋ᠠᠨ ᠦᠵᠡᠰᠬᠦᠯᠡᠩᠲᠦ ᠰᠠᠢ᠌ᠬᠠᠨ ᠠᠭᠤᠯᠠ ᠤᠰᠤᠨ᠎ᠤ ᠰᠢᠨ᠎ᠡ ᠬᠠᠭᠤᠳᠠᠰᠤ ᠵᠢ ᠵᠢᠷᠤᠭᠯᠠᠵᠤ ᠪᠤᠢ᠃
ᠠᠮᠢ ᠠᠬᠤᠢ ᠬᠥᠭᠵᠢᠪᠡᠯ ᠪᠣᠯᠪᠠᠰᠤᠨ ᠬᠥᠭᠵᠢᠨ᠎ᠡ᠃ ᠡᠨᠡ ᠵᠢᠯ᠂ ᠪᠠᠶᠠᠨᠨᠠᠭᠤᠷ ᠬᠣᠲᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠡᠨᠡ ᠵᠢᠯ᠂ ᠮᠠᠨ᠎ᠤ ᠬᠣᠲᠠ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ ᠭᠣᠣᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 〈ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ〉 ᠭᠡᠬᠦ ᠬᠥᠭᠵᠢᠯᠲᠡ ᠵᠢᠨ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠨ ᠦᠢ᠍ᠯᠡᠳᠦᠯᠭᠡᠵᠢᠭᠦᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠠᠮᠢ ᠠᠬᠤᠢ ᠵᠢᠨ ᠦᠷ᠎ᠡ ᠠᠰᠢᠭ᠎ᠢ ᠠᠵᠤ ᠠᠬᠤᠢ ᠵᠢᠨ ᠦᠷ᠎ᠡ ᠠᠰᠢᠭ ᠲᠡᠢ᠌ᠰᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠰᠢᠨ᠎ᠡ ᠳᠡᠭᠲᠡᠷ᠎ᠲᠤ ᠭᠠᠷᠭ᠋ᠠᠬᠤ ᠵᠢ ᠲᠦᠯᠬᠢᠨ ᠠᠬᠢᠭᠤᠯᠤᠨ᠎ᠠ》 ᠭᠡᠬᠦ ᠬᠠᠷᠠᠯᠲᠠ ᠡᠭᠦᠷᠭᠡ ᠵᠢ ᠪᠠᠲᠤᠳᠬᠠᠨ ᠦᠢ᠍ᠯᠡᠳᠦᠯᠭᠡᠵᠢᠭᠦᠯᠦᠨ᠎ᠡ᠃
ᠶᠡᠷᠦᠩᠬᠡᠢ᠌ᠯᠡᠨ ᠵᠠᠰᠠᠬᠤ ᠠᠵᠢᠯ᠎ᠤᠨ 《ᠪᠣᠭᠣᠮᠲᠠ ᠵᠢᠨ ᠭᠠᠳᠠᠨᠠᠬᠢ ᠬᠡᠷᠡᠯᠳᠦ ᠰᠤᠪᠤᠳ》᠎ᠢ ᠨᠠᠩ ᠬᠡᠷᠡᠯ ᠰᠠᠴᠤᠷᠠᠩᠭᠤᠢ ᠪᠣᠯᠭ᠋ᠠᠨ᠎ᠠ
ᠬᠠᠪᠤᠷ᠎ᠤᠨ ᠡᠬᠢᠨ᠎ᠤ ᠤᠯᠠᠭ᠋ᠠᠨᠰᠤᠬᠠᠢ ᠡᠪᠦᠯ᠎ᠤᠨ ᠲᠡᠰᠬᠢᠮ᠎ᠠ ᠬᠦᠢ᠍ᠲᠡᠨ᠎ᠠᠴᠠ ᠠᠭ᠋ᠠᠵᠢᠮ ᠵᠶ᠋ᠠᠷ ᠠᠩᠭᠢᠵᠢᠷᠠᠵᠤ᠂ ᠮᠥᠰᠥ ᠴᠠᠰᠤ ᠬᠠᠢ᠌ᠯᠵᠤ ᠡᠬᠢᠯᠡᠪᠡ᠃ ᠡᠨᠡ ᠬᠦ᠌ ᠨᠠᠮ ᠰᠡᠯᠡᠭᠦᠨ ᠪᠥᠭᠡᠳ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠤᠰᠤᠨ ᠣᠷᠣᠨ᠎ᠳᠤ ᠰᠢᠪᠠᠭᠤᠳ᠎ᠤᠨ ᠵᠢᠷᠭᠢᠬᠦ ᠲᠠᠭᠤᠨ ᠣᠭᠲᠠᠷᠭᠤᠢ ᠵᠢ ᠵᠦᠰᠦᠨ᠂ ᠥᠩᠭᠡᠷᠡᠭᠰᠡᠨ᠎ᠳᠤ ᠡᠮᠦᠨᠡᠰᠢ ᠨᠡᠭᠦᠳᠡᠯᠯᠡᠨ ᠡᠪᠦᠯᠵᠢᠳᠡᠭ ᠨᠡᠭᠦᠳᠡᠯ᠎ᠤᠨ ᠰᠢᠪᠠᠭᠤᠳ ᠣᠲᠣ ᠡᠨᠳᠡ ᠨᠤᠲᠤᠭᠰᠢᠨ ᠰᠠᠭᠤᠷᠢᠰᠢᠬᠤ ᠪᠣᠯᠣᠭᠰᠠᠨ ᠪᠠᠢ᠌ᠨ᠎ᠠ᠃
《ᠤᠯᠠᠭ᠋ᠠᠨᠰᠤᠬᠠᠢ ᠪᠣᠯ ᠳᠡᠯᠡᠬᠡᠢ ᠵᠢᠨ ᠰᠢᠪᠠᠭᠤᠳ᠎ᠤᠨ ᠨᠠᠢ᠍ᠮᠠᠨ ᠶᠡᠬᠡ ᠨᠡᠭᠦᠳᠡᠯ᠎ᠤᠨ ᠵᠠᠮ᠎ᠤᠨ ᠨᠢᠭᠡ ᠮᠥᠨ᠂ ᠣᠳᠣᠬᠠᠨ᠎ᠳᠤ᠂ ᠠᠮᠢ ᠠᠬᠤᠢ ᠣᠷᠴᠢᠨ ᠲᠣᠭᠣᠷᠢᠨ ᠤᠯᠠᠮ᠎ᠠᠴᠠ ᠤᠯᠠᠮ ᠰᠠᠢ᠌ᠵᠢᠷᠠᠬᠤ ᠵᠢ ᠳᠠᠭ᠋ᠠᠯᠳᠤᠨ᠂ ᠵᠢᠯ ᠪᠦᠷᠢ ᠶᠡᠬᠡ ᠬᠡᠮᠵᠢᠶᠡᠨ᠎ᠤ ᠨᠡᠭᠦᠳᠡᠯ᠎ᠤᠨ ᠰᠢᠪᠠᠭᠤ ᠡᠨᠳᠡ ᠢᠷᠡᠵᠦ ᠡᠨᠧᠷᠭᠢ ᠨᠥᠬᠥᠪᠦᠷᠢᠯᠡᠵᠦ ᠪᠠᠢ᠌ᠨ᠎ᠠ᠂ ᠪᠠᠰᠠ ᠶᠡᠬᠡ ᠬᠡᠮᠵᠢᠶᠡᠨ᠎ᠤ ᠨᠡᠭᠦᠳᠡᠯ᠎ᠤᠨ ᠰᠢᠪᠠᠭᠤ ᠡᠨᠳᠡ ᠦᠷᠡᠵᠢᠨ ᠠᠮᠢᠳᠤᠷᠠᠵᠤ᠂ ᠵᠢᠯ ᠲᠤᠷᠰᠢ ᠡᠨᠳᠡ ᠨᠤᠲᠤᠭᠰᠢᠨ ᠠᠮᠢᠳᠤᠷᠠᠳᠠᠭ 〈ᠰᠠᠭᠤᠭ᠋ᠠᠯᠢ ᠰᠢᠪᠠᠭᠤ〉 ᠪᠣᠯᠵᠠᠢ》 ᠭᠡᠵᠦ ᠤᠯᠠᠭ᠋ᠠᠨᠰᠤᠬᠠᠢ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠨᠠᠭᠤᠷ᠎ᠤᠨ ᠲᠣᠭᠣᠷᠢᠭ᠎ᠤᠨ ᠬᠠᠮᠢᠶᠠᠷᠤᠯᠲᠠ ᠵᠢᠨ ᠶᠡᠬᠡ ᠠᠩᠭᠢ ᠵᠢᠨ ᠳᠠᠷᠤᠭ᠎ᠠ ᠯᠢᠦ ᠸᠧᠨ ᠪᠢᠨ ᠲᠠᠨᠢᠯᠴᠠᠭᠤᠯᠪᠠ᠃
ᠬᠥᠬᠡᠮᠳᠦᠭ ᠤᠰᠤ ᠬᠥᠬᠡ ᠣᠭᠲᠠᠷᠭᠤᠢ ᠵᠢᠨ ᠬᠣᠭᠣᠷᠣᠨᠳᠣᠬᠢ ᠤᠯᠠᠭ᠋ᠠᠨᠰᠤᠬᠠᠢ ᠨᠠᠭᠤᠷ᠎ᠤᠨ ᠠᠮᠢ ᠠᠬᠤᠢ ᠵᠢᠨ ᠵᠢᠷᠤᠭ ᠪᠣᠯ ᠬᠥᠬᠡᠮᠳᠦᠭ ᠨᠣᠭᠣᠭ᠋ᠠᠨ ᠠᠭᠤᠯᠠ ᠤᠰᠤ ᠪᠣᠯᠣᠨ ᠠᠯᠳᠠ ᠮᠥᠩᠭᠥᠨ ᠠᠭᠤᠯᠠ ᠵᠢᠨ ᠣᠷᠭ᠋ᠠᠨᠢᠭ ᠨᠢᠭᠡᠳᠦᠯ᠂ ᠬᠥᠮᠥᠨ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢᠨ ᠠᠮᠢᠳᠤᠯᠢᠭ ᠵᠢᠷᠤᠭᠯᠠᠯ ᠪᠣᠯᠣᠨ᠎ᠠ᠃
ᠣᠢ᠌ᠷ᠎ᠠ ᠵᠢᠨ ᠵᠢᠯ᠎ᠤᠨ ᠲᠤᠷᠰᠢ᠂ ᠪᠠᠶᠠᠨᠨᠠᠭᠤᠷ ᠬᠤᠳᠠ ᠵᠢᠨ᠎ᠬᠢᠨ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠵᠢ ᠠᠮᠢ ᠨᠠᠰᠤᠨ᠎ᠤ ᠬᠠᠮᠲᠤ ᠵᠢᠨ ᠴᠣᠭᠴᠠ ᠪᠣᠯᠭ᠋ᠠᠬᠤ ᠵᠢ ᠪᠠᠷᠢᠮᠲᠠᠯᠠᠵᠤ᠂ ᠪᠦᠬᠦ ᠰᠠᠪᠠ ᠭᠠᠵᠠᠷ ᠪᠦᠬᠦ ᠡᠯᠧᠮᠧᠨ᠋ᠲ᠎ᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠢᠨᠵᠧᠨᠧᠷᠢᠩ᠂ ᠤᠯᠠᠭ᠋ᠠᠨᠪᠤᠬ᠎ᠠ ᠡᠯᠡᠰᠦ ᠵᠢ ᠶᠡᠷᠦᠩᠬᠡᠢ᠌ᠯᠡᠨ ᠵᠠᠰᠠᠬᠤ᠂ ᠬᠠᠳᠤᠨ ᠭᠣᠣᠯ᠎ᠤᠨ ᠠᠮᠢ ᠠᠬᠤᠢ ᠵᠢᠨ ᠬᠣᠩᠭᠢᠯ ᠵᠠᠮ᠎ᠢ ᠵᠠᠰᠠᠬᠤ᠂ ᠤᠯᠠᠭ᠋ᠠᠨᠰᠤᠬᠠᠢ ᠨᠠᠭᠤᠷ᠎ᠤᠨ ᠵᠡᠭᠦᠨ ᠡᠷᠭᠢ ᠵᠢᠨ ᠴᠦᠯ᠎ᠤᠨ ᠨᠤᠲᠤᠭ ᠪᠡᠯᠴᠢᠭᠡᠷ᠎ᠢ ᠰᠡᠷᠭᠦᠭᠡᠨ ᠵᠠᠰᠠᠬᠤ ᠢᠨᠵᠧᠨᠧᠷᠢᠩ ᠵᠡᠷᠭᠡ ᠵᠢ ᠬᠡᠷᠡᠭᠵᠢᠭᠦᠯᠪᠡ᠃ ᠤᠯᠠᠭ᠋ᠠᠨᠰᠤᠬᠠᠢ ᠨᠠᠭᠤᠷ᠎ᠤᠨ ᠭᠠᠳᠠᠭᠤᠷ ᠨᠢᠭᠡᠨ ᠨᠣᠭᠣᠭ᠋ᠠᠨ ᠬᠠᠯᠬᠠᠪᠴᠢ ᠪᠠᠢ᠌ᠭᠤᠯᠵᠤ᠂ ᠠᠮᠢ ᠠᠬᠤᠢ᠎ᠪᠠᠷ ᠤᠰᠤ ᠨᠥᠬᠥᠪᠦᠷᠢᠯᠡᠬᠦ᠂ ᠪᠣᠬᠢᠷ ᠤᠰᠤ ᠵᠢ ᠰᠢᠢ᠍ᠳᠪᠦᠷᠢᠯᠡᠬᠦ᠂ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠬᠢᠵᠠᠭ᠋ᠠᠷᠯᠠᠬᠤ ᠪᠠ ᠪᠠᠭ᠋ᠠᠰᠬᠠᠬᠤ ᠵᠡᠷᠭᠡ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠪᠡ; ᠥᠪᠡᠷᠲᠡᠭᠡᠨ ᠵᠠᠰᠠᠬᠤ ᠣᠷᠣᠨ᠎ᠤ ᠨᠠᠭᠤᠷ ᠴᠥᠭᠥᠷᠥᠮ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ᠎ᠳᠤ ᠲᠤᠰᠬᠠᠢ᠌ᠯᠠᠨ ᠴᠢᠭᠯᠡᠭᠦᠯᠦᠭᠰᠡᠨ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ 《ᠪᠠᠶᠠᠨᠨᠠᠭᠤᠷ ᠬᠣᠲᠠ ᠵᠢᠨ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ》᠎ᠢ ᠬᠡᠷᠡᠭᠵᠢᠭᠦᠯᠪᠡ᠃ ᠣᠳᠣᠬᠠᠨ᠎ᠳᠤ᠂ ᠤᠯᠠᠭ᠋ᠠᠨᠰᠤᠬᠠᠢ ᠨᠠᠭᠤᠷ᠎ᠤᠨ ᠣᠷᠣᠨ᠎ᠤ ᠤᠰᠤᠨ᠎ᠤ ᠴᠢᠨᠠᠷ᠎ᠨᠢ ᠪᠦᠬᠦᠯᠢ ᠴᠣᠭᠴᠠ᠎ᠨᠢ V ᠲᠥᠷᠥᠯ᠎ᠳᠤ ᠬᠦᠷᠴᠦ ᠬᠡᠰᠡᠭ ᠭᠠᠵᠠᠷ᠎ᠨᠢ Ⅳ ᠲᠥᠷᠥᠯ᠎ᠢ ᠪᠠᠲᠤᠯᠠᠵᠤ ᠪᠣᠶ᠃
ᠤᠯᠠᠭ᠋ᠠᠨᠰᠤᠬᠠᠢ ᠨᠠᠭᠤᠷ᠎ᠤᠨ ᠲᠣᠭᠣᠷᠢᠭ᠎ᠲᠤ ᠵᠢᠯ ᠪᠦᠷᠢ 10 ᠲᠦᠮᠡᠨ ᠲᠣᠨ ᠬᠤᠯᠤᠰᠤ ᠭᠠᠷᠳᠠᠬ᠂ ᠶᠡᠬᠡ ᠲᠠᠯᠠᠪᠠᠢ᠎ᠲᠠᠢ ᠬᠤᠯᠤᠰᠤ ᠵᠢ ᠴᠠᠭ ᠲᠤᠬᠠᠢᠳᠤᠨᠢ ᠰᠢᠢ᠍ᠳᠪᠦᠷᠢᠯᠡᠵᠦ ᠬᠠᠳᠤᠵᠤ ᠬᠤᠷᠢᠶᠠᠬᠤ ᠦᠭᠡᠢ ᠪᠣᠯ ᠤᠰᠤᠨ ᠴᠣᠭᠴᠠ ᠵᠢᠨ ᠰᠢᠮ᠎ᠡ ᠲᠡᠵᠢᠭᠡᠯ᠎ᠢ ᠡᠯᠪᠡᠭᠵᠢᠭᠦᠯᠵᠦ᠂ ᠤᠯᠠᠭ᠋ᠠᠨᠰᠤᠬᠠᠢ ᠨᠠᠭᠤᠷ᠎ᠤᠨ ᠤᠰᠤᠨ᠎ᠤ ᠴᠢᠨᠠᠷ᠎ᠢ ᠨᠥᠯᠥᠭᠡᠯᠡᠨ᠎ᠡ᠃ ᠡᠳᠦᠭᠡ᠂ ᠡᠳᠡᠭᠡᠷ ᠬᠡᠭᠡᠷ᠎ᠡ ᠵᠢᠨ ᠬᠤᠯᠤᠰᠤ ᠪᠡᠶ᠎ᠡ᠎ᠪᠠᠨ ᠰᠠᠵᠢᠨ ᠬᠤᠪᠢᠷᠠᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠠᠯᠳᠧᠭᠢᠳ᠋ ᠦᠭᠡᠢ ᠬᠤᠯᠤᠰᠤᠨ᠎ᠤ ᠵᠣᠷᠭᠣᠳᠠᠰᠤ ᠪᠣᠯᠵᠤ᠂ ᠲᠦᠭ ᠲᠦᠮᠡᠨ ᠠᠢ᠌ᠯ ᠡᠷᠦᠬᠡ᠎ᠳᠤ ᠬᠦᠷᠪᠡ᠃ ᠡᠨᠡ᠎ᠨᠢ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠤᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦᠨ᠎ᠤ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠢᠨᠵᠧᠨᠧᠷᠢᠩ᠎ᠤᠨ ᠲᠦᠷᠦᠯ ᠵᠦᠢ᠍ᠯ — ᠤᠰᠤᠨ᠎ᠤ ᠤᠷᠭᠤᠮᠠᠯ᠎ᠢ ᠡᠬᠢ ᠪᠠᠶᠠᠯᠢᠭᠵᠢᠭᠤᠯᠤᠨ ᠶᠡᠷᠦᠩᠬᠡᠢ᠌ᠯᠡᠨ ᠰᠢᠢ᠍ᠳᠪᠦᠷᠢᠯᠡᠬᠦ ᠲᠦᠷᠦᠯ ᠵᠦᠢ᠍ᠯ᠎ᠢ ᠬᠡᠷᠡᠭᠵᠢᠭᠦᠯᠦᠭᠰᠡᠨ᠎ᠠᠴᠠ ᠪᠣᠯᠤᠭᠰᠠᠨ ᠶᠤᠮ᠃ ᠨᠢᠳᠤᠨᠤᠨ᠂ ᠲᠣᠰ ᠲᠥᠷᠥᠯ ᠵᠦᠢ᠍ᠯ᠎ᠨᠢ ᠤᠯᠤᠰ᠎ᠤᠨ ᠬᠣᠶᠠᠳᠤᠭ᠋ᠠᠷ ᠪᠦᠯᠦᠭ᠎ᠤᠨ ᠠᠭᠤᠯᠠ ᠤᠰᠤᠨ᠎ᠤ ᠢᠨᠵᠧᠨᠧᠷᠢᠩ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠵᠠᠢ᠃ ᠲᠠᠰᠤᠷᠠᠯᠲᠠ ᠦᠭᠡᠢ ᠬᠠᠢ᠌ᠨ ᠰᠦᠪᠡᠭᠴᠢᠯᠡᠬᠦ ᠪᠠ ᠦᠢ᠍ᠯᠡᠳᠦᠯᠭᠡᠵᠢᠭᠦᠯᠬᠦ ᠳᠤᠮᠳᠠ᠂ ᠮᠠᠨ᠎ᠤ ᠬᠣᠲᠠ ᠬᠥᠭᠵᠢᠯᠲᠡ ᠵᠢᠨ ᠰᠡᠳᠬᠢᠴᠡ᠎ᠪᠠᠨ ᠲᠠᠰᠤᠷᠠᠯᠲᠠ ᠦᠭᠡᠢ ᠬᠤᠪᠢᠷᠠᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠠᠵᠤ ᠠᠬᠤᠢ ᠵᠢᠨ ᠬᠥᠭᠵᠢᠯᠲᠡ ᠵᠢ ᠬᠠᠷᠢᠯᠴᠠᠨ ᠵᠣᠬᠢᠴᠠᠭᠤᠯᠬᠤ ᠵᠠᠮ᠎ᠢ ᠠᠯᠬᠤᠮ ᠠᠯᠬᠤᠮ ᠵᠶ᠋ᠠᠷ ᠨᠡᠭᠡᠭᠡᠵᠦ᠂ ᠪᠣᠬᠢᠷᠲᠤᠯ ᠦᠭᠡᠢ᠂ ᠡᠷᠭᠢᠯᠲᠡᠲᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠠᠯᠬᠤᠮ᠎ᠢ ᠯᠠᠪᠳᠠᠭᠤᠨ ᠪᠠᠲᠤᠲᠠᠢ ᠠᠯᠬᠤᠪᠠ᠃ ᠡᠨᠡ ᠵᠢᠯ᠂ ᠮᠠᠨ᠎ᠤ ᠬᠣᠲᠠ ᠢᠨᠵᠧᠨᠧᠷᠢᠩ᠎ᠤᠨ ᠠᠷᠭ᠎ᠠ ᠬᠡᠮᠵᠢᠶ᠎ᠡ ᠪᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠬᠦ ᠵᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠯᠠᠭ᠋ᠠᠨᠰᠤᠬᠠᠢ ᠨᠠᠭᠤᠷ᠎ᠤᠨ ᠰᠠᠪᠠ ᠭᠠᠵᠠᠷ᠎ᠢ ᠵᠠᠰᠠᠬᠤ ᠬᠠᠷᠠᠯᠲᠠ ᠵᠢᠨ ᠡᠭᠦᠷᠭᠡ ᠵᠢ ᠪᠡᠶᠡᠯᠡᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠤᠨ᠎ᠠ᠃
ᠡᠯᠡᠰᠦ᠎ᠢ ᠬᠠᠰᠢᠵᠤ ᠨᠣᠭᠣᠭ᠋ᠠᠷᠠᠭᠤᠯᠤᠯᠲᠠ ᠬᠢᠵᠦ ᠪᠣᠬᠢᠷᠲᠤᠯ ᠦᠭᠡᠢ ᠰᠡᠷᠭᠡᠢ᠌ᠯᠡᠯᠲᠡ ᠵᠢᠨ ᠱᠤᠭᠤᠮ᠎ᠢ ᠥᠷᠭᠡᠳᠬᠡᠨ᠎ᠡ
ᠤᠷᠠᠳ᠎ᠤᠨ ᠬᠣᠢ᠌ᠲᠤ ᠬᠣᠰᠢᠭᠤᠨ᠎ᠤ ᠪᠠᠷᠠᠭᠤᠨ ᠪᠤᠯᠤᠩ ᠤᠢ ᠰᠢᠭᠤᠢ ᠵᠢᠨ ᠦᠢ᠍ᠯᠡᠰ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠥᠪ᠎ᠤᠨ ᠤᠯᠠᠭ᠋ᠠᠨᠪᠤᠬ᠎ᠠ ᠡᠯᠡᠰᠦᠨ ᠴᠦᠯ᠎ᠢ ᠶᠡᠷᠦᠩᠬᠡᠢ᠌ᠯᠡᠨ ᠵᠠᠰᠠᠬᠤ ᠰᠥᠨᠥᠭᠡᠯᠲᠡ ᠵᠢᠨ ᠣᠷᠣᠨ᠎ᠳᠤ᠂ ᠨᠠᠩᠭᠢ ᠰᠢᠷᠣᠢ᠂ ᠪᠥᠭᠡᠭᠡᠨᠡᠷᠡᠯ ᠡᠲ᠋ᠧᠨ᠎ᠤ ᠡᠯᠡᠰᠦ ᠵᠢ ᠬᠣᠷᠢᠭᠯᠠᠬᠤ ᠲᠣᠣᠷ ᠵᠡᠷᠭᠡ ᠮᠠᠲ᠋ᠧᠷᠢᠶᠠᠯ ᠵᠶ᠋ᠠᠷ ᠬᠢᠭᠰᠡᠨ ᠳᠥᠷᠪᠡᠯᠵᠢᠨ ᠬᠡ᠎ᠲᠠᠢ ᠡᠯᠡᠰᠦᠨ ᠬᠠᠯᠬᠠᠪᠴᠢ ᠡᠯᠡᠰᠦᠨ ᠴᠦᠯ᠎ᠢ ᠪᠠᠲᠤ ᠴᠢᠩᠭ᠎ᠠ ᠣᠨᠢᠰᠤᠯᠠᠵᠠᠢ᠃ 《ᠪᠢᠳᠡ ᠪᠣᠳᠠᠲᠤ ᠪᠠᠢ᠌ᠳᠠᠯ᠎ᠠᠴᠠ ᠡᠭᠦᠰᠬᠦ ᠵᠢ ᠪᠠᠷᠢᠮᠲᠠᠯᠠᠵᠤ᠂ ᠤᠷᠢᠳ ᠬᠣᠵᠢᠳ ᠪᠤᠭᠤᠳᠠᠢ ᠵᠢᠨ ᠰᠦᠷᠡᠯ᠂ ᠲᠤᠲᠤᠷᠭ᠎ᠠ ᠵᠢᠨ ᠰᠦᠷᠡᠯ᠂ ᠡᠪᠡᠰᠦ ᠬᠤᠯᠤᠰᠤ᠂ ᠨᠡᠢ᠌ᠯᠡᠮᠡᠯ ᠰᠢᠷᠬᠡᠭᠯᠢᠭ᠎ᠤᠨ ᠡᠯᠡᠰᠦ ᠵᠢ ᠬᠣᠷᠢᠭᠯᠠᠬᠤ ᠤᠭᠤᠲᠠ᠂ ᠪᠥᠭᠡᠭᠡᠨᠡᠷᠡᠯ ᠡᠲ᠋ᠧᠨ᠎ᠤ ᠡᠯᠡᠰᠦ ᠵᠢ ᠬᠣᠷᠢᠭᠯᠠᠬᠤ ᠲᠣᠣᠷ ᠵᠡᠷᠭᠡ 14 ᠵᠦᠢ᠍ᠯ᠎ᠤᠨ ᠠᠳᠠᠯᠢ ᠪᠤᠰᠤ ᠮᠠᠲ᠋ᠧᠷᠢᠶᠠᠯ᠎ᠢ ᠰᠣᠩᠭᠣᠨ ᠡᠯᠡᠰᠦ᠎ᠪᠠᠷ ᠬᠠᠯᠬᠠᠪᠴᠢ ᠪᠣᠯᠭ᠋ᠠᠵᠤ ᠡᠯᠡᠰᠦ ᠵᠢ ᠲᠣᠭᠲᠠᠪᠤᠷᠢᠵᠢᠭᠤᠯᠬᠤ ᠲᠤᠷᠰᠢᠯᠲᠠ ᠬᠢᠪᠡ᠃ ᠠᠳᠠᠯᠢ ᠪᠤᠰᠤ ᠣᠷᠴᠢᠨ ᠨᠥᠬᠥᠴᠡᠯ ᠳᠣᠣᠷᠠᠬᠢ ᠡᠯᠡᠰᠦᠨ ᠬᠠᠯᠬᠠᠪᠴᠢ ᠵᠢᠨ ᠥᠪᠡᠷ᠎ᠤᠨ ᠦᠷᠳᠡᠭ᠂ ᠡᠯᠡᠰᠦ ᠵᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠵᠢ ᠬᠠᠷᠢᠴᠠᠭᠤᠯᠤᠨ ᠵᠠᠳᠠᠯᠵᠤ᠂ ᠬᠠᠮᠤᠭ ᠡᠴᠦᠰ᠎ᠲᠤ ᠪᠠᠷᠢᠯᠭ᠎ᠠ ᠵᠢᠨ ᠥᠪᠡᠷ᠎ᠤᠨ ᠦᠷᠳᠡᠭ ᠵᠶ᠋ᠡᠷ ᠳᠣᠣᠷ᠎ᠠ᠂ ᠠᠵᠢᠯᠯᠠᠭᠤᠯᠬᠤ᠎ᠳᠤ ᠬᠢᠯᠪᠡᠷ᠂ ᠲᠤᠬᠠᠢ ᠵᠢᠨ ᠭᠠᠵᠠᠷ᠎ᠠᠴᠠ ᠮᠠᠲ᠋ᠧᠷᠢᠶᠠᠯ ᠠᠪᠬᠤ᠎ᠳᠤ ᠲᠦᠭᠦᠮ ᠪᠤᠭᠤᠳᠠᠢ ᠵᠢᠨ ᠰᠦᠷᠡᠯ᠎ᠢ ᠰᠣᠩᠭᠣᠨ ᠭᠠᠷᠭ᠋ᠠᠵᠤ ᠡᠯᠡᠰᠦ ᠵᠢ ᠲᠣᠭᠲᠠᠪᠤᠷᠢᠵᠢᠭᠤᠯᠪᠠ᠂ ᠡᠨᠡ᠎ᠨᠢ ᠡᠯᠡᠰᠦ ᠵᠢ ᠵᠠᠰᠠᠬᠤ ᠥᠪᠡᠷ᠎ᠤᠨ ᠦᠷᠳᠡᠭ᠎ᠢ ᠪᠠᠭᠤᠷᠠᠭᠤᠯᠤᠭᠰᠠᠨ ᠵᠶ᠋ᠠᠷ ᠪᠠᠷᠠᠬᠤ ᠦᠭᠡᠢ ᠪᠠᠰᠠ ᠲᠤᠰ ᠭᠠᠵᠠᠷ᠎ᠤᠨ ᠪᠤᠭᠤᠳᠠᠢ ᠵᠢᠨ ᠰᠦᠷᠡᠯ᠎ᠢ ᠰᠢᠢ᠍ᠳᠪᠦᠷᠢᠯᠡᠬᠦ ᠬᠦᠴᠢᠷ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠵᠦ᠂ ᠪᠤᠭᠤᠳᠠᠢ ᠵᠢᠨ ᠰᠦᠷᠡᠯ᠎ᠢ ᠬᠣᠣᠷ ᠦᠭᠡᠢ᠍ᠢ᠍ᠵᠢᠬᠦᠯᠦᠨ ᠠᠰᠢᠭᠯᠠᠬᠤ ᠵᠢ ᠪᠡᠶᠡᠯᠡᠭᠦᠯᠵᠡᠢ》 ᠭᠡᠵᠦ ᠪᠠᠷᠠᠭᠤᠨ ᠪᠤᠯᠤᠩ ᠤᠢ ᠰᠢᠭᠤᠢ ᠵᠢᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠥᠪ᠎ᠤᠨ ᠡᠷᠬᠢᠯᠡᠭᠴᠢ ᠳ᠋ᠦ᠋ ᠶᠦᠩ ᠵᠢᠶᠦ᠋ᠨ ᠬᠡᠯᠡᠪᠡ᠃
ᠬᠥᠮᠥᠨ᠎ᠤ ᠬᠦᠴᠦ᠎ᠪᠠᠷ ᠡᠯᠡᠰᠦ ᠵᠢ ᠵᠠᠰᠠᠬᠤ᠎ᠠᠴᠠ ᠮᠧᠬᠠᠨᠢᠭ ᠵᠶ᠋ᠠᠷ ᠡᠯᠡᠰᠦ ᠵᠢ ᠵᠠᠰᠠᠬᠤ ᠬᠦᠷᠲᠡᠯ᠎ᠡ᠂ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠬᠤ᠎ᠠᠴᠠ ᠣᠢ᠌ᠷ᠎ᠠ ᠬᠠᠪᠢ᠎ᠠᠴᠠ ᠮᠠᠲ᠋ᠧᠷᠢᠶᠠᠯ ᠠᠪᠬᠤ ᠬᠦᠷᠲᠡᠯ᠎ᠡ᠂ ᠡᠯᠡᠰᠦ᠎ᠲᠠᠢ ᠲᠡᠮᠡᠴᠡᠬᠦ ᠶᠠᠪᠤᠴᠠ ᠳᠤᠮᠳᠠ᠂ ᠪᠠᠶᠠᠨᠨᠠᠭᠤᠷ ᠬᠤᠳᠠ ᠵᠢᠨ᠎ᠬᠢᠨ ᠮᠠᠰᠢ ᠤᠯᠠᠨ ᠪᠦᠲᠦᠮᠵᠢᠲᠡᠢ ᠬᠡᠪ ᠵᠠᠭᠪᠤᠷ ᠪᠣᠯᠣᠨ ᠠᠷᠭ᠎ᠠ ᠵᠠᠮ᠎ᠢ ᠲᠠᠰᠤᠷᠠᠯᠳᠡ ᠦᠭᠡᠢ ᠰᠦᠪᠡᠭᠴᠢᠯᠡᠨ ᠨᠡᠭᠡᠭᠡᠵᠦ᠂ ᠠᠮᠢ ᠠᠬᠤᠢ ᠵᠢᠨ ᠵᠠᠰᠠᠯᠲᠠ ᠪᠣᠯᠣᠨ ᠠᠵᠤ ᠠᠬᠤᠢ ᠵᠢᠨ ᠦᠷ᠎ᠡ ᠠᠰᠢᠭ᠎ᠤᠨ ᠬᠣᠣᠰ ᠠᠮᠵᠢᠯᠲᠠ ᠵᠢ ᠪᠡᠶᠡᠯᠡᠭᠦᠯᠵᠡᠢ᠃ ᠨᠢᠳᠤᠨᠤᠨ᠂ ᠪᠦᠬᠦ ᠬᠤᠳᠠ 《ᠭᠤᠷᠪᠠᠨ ᠤᠮᠠᠷᠠᠲᠤ》 ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ ᠵᠢᠨ ᠪᠠᠢ᠌ᠷᠢᠯᠠᠭᠤᠯᠤᠯᠲᠠ᠎ᠲᠠᠢ ᠨᠢᠭᠲᠠ ᠤᠶᠠᠯᠳᠤᠭᠤᠯᠵᠤ᠂ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠦᠨ ᠪᠠᠢ᠌ᠷᠢᠰᠢᠭᠤᠯᠵᠤ᠂ ᠬᠦᠴᠦᠨ ᠵᠶ᠋ᠡᠨ ᠲᠥᠪᠯᠡᠷᠡᠭᠦᠯᠦᠨ ᠠᠬᠢᠭᠤᠯᠵᠤ᠂ ᠦᠨᠡᠨ ᠬᠦ᠌ ᠬᠡᠷᠡᠭᠵᠢᠭᠦᠯᠵᠦ ᠪᠣᠯᠬᠤᠢ᠌ᠴᠠ ᠠᠷᠭ᠎ᠠ ᠬᠡᠮᠵᠢᠶ᠎ᠡ᠎ᠪᠠᠷ ᠬᠠᠳᠤᠨ ᠭᠣᠣᠯ᠎ᠤᠨ 《几 ᠦᠰᠦᠭᠲᠦ ᠮᠤᠷᠤᠢ᠌ᠯᠲᠠ》 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠤᠢ ᠰᠢᠭᠤᠢ ᠡᠪᠡᠰᠦᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ 390.545 ᠲᠦᠮᠡᠨ ᠮᠦ᠍ (ᠡᠭᠦᠨ᠎ᠳᠤ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠲᠠᠯᠠᠪᠠᠢ 289.38 ᠲᠦᠮᠡᠨ ᠮᠦ᠍) ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠡᠭᠦᠷᠭᠡ ᠵᠢᠨ 180.9%᠎ᠢ ᠪᠡᠶᠡᠯᠡᠭᠦᠯᠪᠡ; 《ᠪᠠᠶᠠᠨᠨᠠᠭᠤᠷ᠎ᠤᠨ 〈ᠭᠤᠷᠪᠠᠨ ᠤᠮᠠᠷᠠᠲᠤ〉 ᠢᠨᠵᠧᠨᠧᠷᠢᠩ᠎ᠤᠨ ᠬᠠᠲᠤᠨ ᠭᠣᠣᠯ᠎ᠤᠨ 〈几 ᠦᠰᠦᠭᠲᠦ ᠮᠤᠷᠤᠢ᠌ᠯᠲᠠ〉 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠲᠦᠯᠬᠢᠨ ᠠᠬᠢᠭᠤᠯᠬᠤ ᠠᠷᠪᠠᠨ ᠵᠤᠷᠪᠤᠰ ᠠᠷᠭ᠎ᠠ ᠬᠡᠮᠵᠢᠶ᠎ᠡ》 《ᠪᠠᠶᠠᠨᠨᠠᠭᠤᠷ ᠬᠣᠲᠠ ᠵᠢᠨ 〈ᠭᠤᠷᠪᠠᠨ ᠤᠮᠠᠷᠠᠲᠤ〉 ᠵᠢᠨ ᠢᠨᠵᠧᠨᠧᠷᠢᠩ᠎ᠤᠨ ᠬᠠᠲᠤᠨ ᠭᠣᠣᠯ᠎ᠤᠨ 〈几 ᠦᠰᠦᠭᠲᠦ ᠮᠤᠷᠤᠢ᠌ᠯᠲᠠ〉 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠲᠦᠯᠬᠢᠨ ᠠᠬᠢᠭᠤᠯᠬᠤ ᠵᠢ ᠱᠠᠩᠨᠠᠬᠤ ᠠᠷᠭ᠎ᠠ》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠵᠦ᠂ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠳᠤ ᠬᠦᠴᠦᠲᠡᠢ ᠳᠡᠮᠵᠢᠯᠭᠡ ᠬᠠᠩᠭ᠋ᠠᠵᠠᠢ; ᠪᠤᠭᠤᠲᠤ᠂ ᠣᠷᠳᠣᠰ᠂ ᠦᠬᠠᠢ᠂ ᠠᠯᠠᠱ᠌ᠠᠯᠤᠭᠠ ᠬᠠᠮᠲᠤ᠎ᠪᠠᠷ 《ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠬᠢᠷᠠᠯᠴᠠᠵᠤ᠂ ᠤᠯᠠᠭ᠋ᠠᠨᠪᠤᠬ᠎ᠠ ᠡᠯᠡᠰᠦᠨ ᠴᠦᠯ᠎ᠤᠨ ᠬᠠᠳᠤᠨ ᠭᠣᠣᠯ᠎ᠤᠨ ᠡᠷᠭᠢ ᠵᠢᠨ ᠱᠤᠭᠤᠮ᠎ᠤᠨ ᠨᠡᠭᠦᠳᠡᠯ ᠡᠯᠡᠰᠦ ᠵᠢ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠢᠨᠵᠧᠨᠧᠷᠢᠩ᠎ᠤᠨ ᠲᠣᠭᠣᠷᠢᠨ᠎ᠳᠤ᠂ ᠭᠣᠣᠯ ᠳᠠᠭ᠋ᠠᠤ ᠵᠢᠨ ᠡᠷᠭᠢ ᠵᠢᠨ ᠱᠤᠭᠤᠮ᠎ᠤᠨ ᠤᠷᠳᠤ᠎ᠪᠠᠷ ᠵᠶ᠋ᠠᠨ 11 ᠺᠢᠯᠣᠮᠧᠲᠷ᠂ ᠥᠷᠭᠡᠨ ᠵᠶ᠋ᠡᠷ ᠵᠶ᠋ᠡᠨ 6 ᠺᠢᠯᠣᠮᠧᠲᠷ᠎ᠤᠨ ᠲᠤᠷᠤᠭ ᠮᠣᠳᠣᠨ᠎ᠤ 《ᠡᠯᠡᠰᠦ ᠵᠢ ᠬᠠᠯᠬᠠᠯᠠᠬᠤ ᠬᠡᠷᠡᠮ》᠂ ᠪᠤᠳᠠ ᠮᠣᠳᠣᠨ᠎ᠤ 《ᠡᠯᠡᠰᠦ ᠵᠢ ᠬᠣᠷᠢᠭᠯᠠᠬᠤ ᠪᠦᠰᠡ》᠂ ᠡᠪᠡᠰᠦ ᠲᠠᠷᠢᠬᠤ 《ᠡᠯᠡᠰᠦ ᠵᠢ ᠬᠣᠷᠢᠭᠯᠠᠬᠤ ᠲᠣᠣᠷ》᠎ᠢ ᠪᠡᠶᠡᠯᠡᠭᠦᠯᠵᠦ᠂ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠰᠢᠨ᠎ᠡ ᠪᠠᠢ᠌ᠷᠢᠰᠢᠯ᠎ᠢ ᠢᠳᠡᠪᠬᠢᠲᠡᠢ ᠪᠠᠢ᠌ᠭᠤᠯᠪᠠ; 《ᠬᠠᠲᠤᠨ ᠭᠣᠣᠯ᠎ᠤᠨ 〈几 ᠦᠰᠦᠭᠲᠦ ᠮᠤᠷᠤᠢ᠌ᠯᠲᠠ〉 ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠬᠡᠷᠡᠭᠯᠡᠭᠡᠨ᠎ᠤ ᠮᠡᠷᠭᠡᠵᠢᠯ᠎ᠤᠨ ᠭᠠᠷ ᠳᠡᠪᠲᠡᠷ》᠎ᠢ ᠨᠠᠢ᠌ᠷᠠᠭᠤᠯᠤᠨ ᠬᠡᠪᠯᠡᠭᠦᠯᠵᠦ᠂ 8 ᠵᠦᠢ᠍ᠯ᠎ᠤᠨ ᠰᠢᠨ᠎ᠡ ᠬᠡᠯᠪᠡᠷᠢ ᠵᠢᠨ ᠡᠯᠡᠰᠦ ᠵᠠᠰᠠᠬᠤ ᠮᠠᠰᠢᠨ᠎ᠢ ᠵᠣᠬᠢᠶᠠᠨ ᠪᠠᠢ᠌ᠭᠤᠯᠤᠨ ᠰᠤᠳᠤᠯᠤᠨ ᠦᠢ᠍ᠯᠡᠳᠴᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ 5 ᠵᠦᠢ᠍ᠯ᠎ᠤᠨ ᠮᠡᠷᠭᠡᠵᠢᠯ᠎ᠤᠨ ᠪᠠᠷᠢᠮᠵᠢᠶ᠎ᠠ ᠵᠢ ᠨᠡᠢ᠌ᠲᠡᠯᠡᠵᠦ᠂ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠭᠤᠯᠤᠭᠳᠠᠴᠠ ᠵᠢ ᠪᠦᠲᠦᠮᠵᠢᠲᠡᠶ ᠳᠡᠭᠡᠭᠰᠢᠯᠡᠭᠦᠯᠪᠡ᠃
ᠬᠥᠬᠡᠮᠳᠦᠭ ᠨᠣᠭᠣᠭ᠋ᠠᠨ ᠵᠦᠭ ᠤᠷᠤᠭᠰᠢᠯᠠᠬᠤ᠎ᠪᠠᠷ ᠵᠣᠷᠢᠭ ᠰᠢᠭᠤᠳᠴᠤ᠂ ᠡᠯᠡᠰᠦᠨ ᠴᠦᠯ᠎ᠳᠤ ᠬᠥᠬᠡᠮᠳᠦᠭ ᠨᠣᠭᠣᠭ᠋ᠠᠨ ᠥᠩᠭᠡ ᠵᠢ ᠵᠢᠷᠤᠭᠯᠠᠨ᠎ᠠ᠃ ᠡᠨᠡ ᠵᠢᠯ᠂ ᠪᠠᠶᠠᠨᠨᠠᠭᠤᠷ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠠᠲᠤᠨ ᠭᠣᠣᠯ᠎ᠤᠨ 《几 ᠦᠰᠦᠭᠲᠦ ᠮᠤᠷᠤᠢ᠌ᠯᠲᠠ》 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ᠂ ᠤᠯᠠᠭ᠋ᠠᠨᠪᠤᠬ᠎ᠠ ᠵᠢᠨ ᠵᠡᠭᠦᠨ ᠵᠠᠬ᠎ᠠ ᠵᠢᠨ 400 ᠭᠠᠵᠠᠷ᠎ᠤᠨ ᠰᠠᠯᠬᠢ ᠵᠢ ᠬᠠᠯᠬᠠᠯᠠᠵᠤ ᠡᠯᠡᠰᠦ ᠵᠢ ᠲᠣᠭᠲᠠᠪᠤᠷᠢᠵᠢᠭᠤᠯᠬᠤ ᠪᠦᠰᠡ᠂ ᠪᠠᠶᠠᠨ ᠥᠨᠳᠥᠷ ᠡᠯᠡᠰᠦᠨ ᠴᠥᠯ᠎ᠤᠨ ᠵᠠᠭᠤᠨ ᠲᠦᠮᠡᠨ ᠮᠦ᠍ ᠵᠢᠨ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠵᠡᠷᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠪᠠᠢ᠌ᠭᠤᠯᠵᠤ᠂ ᠣᠶ ᠰᠢᠭᠤᠢ ᠡᠪᠡᠰᠦᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ 400 ᠲᠦᠮᠡᠨ ᠮᠦ᠍᠎ᠠᠴᠠ ᠳᠡᠭᠡᠭᠰᠢ ᠪᠡᠶᠡᠯᠡᠭᠦᠯᠦᠨ᠎ᠡ; ᠵᠠᠰᠠᠬᠤ ᠠᠷᠭ᠎ᠠ ᠵᠠᠮ᠎ᠤᠨ ᠲᠠᠯ᠎ᠠ᠎ᠪᠠᠷ ᠰᠢᠨ᠎ᠡ ᠵᠢ ᠡᠭᠦᠳᠬᠦ᠂ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠂ ᠶᠠᠰᠤ ᠴᠢᠨᠠᠷ᠎ᠤᠨ ᠬᠠᠮᠢᠶᠠᠷᠤᠯᠲᠠ᠂ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠬᠦ᠂ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠪᠣᠶ ᠪᠣᠯᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠡᠯᠡᠰᠦ ᠵᠢ ᠵᠠᠰᠠᠬᠤ᠂ ᠠᠵᠤ ᠦᠢ᠍ᠯᠡᠰ ᠵᠶ᠋ᠡᠷ ᠡᠯᠡᠰᠦ ᠵᠢ ᠵᠠᠰᠠᠬᠤ᠂ ᠪᠥᠬᠥ ᠠᠷᠠᠳ ᠵᠶ᠋ᠠᠷ ᠵᠶ᠋ᠠᠨ ᠡᠯᠡᠰᠦ ᠵᠢ ᠵᠠᠰᠠᠬᠤ᠂ ᠬᠠᠤᠯᠢ ᠶᠣᠰᠣᠭ᠋ᠠᠷ ᠡᠯᠡᠰᠦ ᠵᠢ ᠵᠠᠰᠠᠬᠤ ᠲᠠᠯ᠎ᠠ᠎ᠪᠠᠷ ᠠᠮᠵᠢᠯᠲᠠ ᠪᠦᠲᠦᠮᠵᠢ ᠭᠠᠷᠭ᠋ᠠᠬᠤ᠎ᠪᠠᠷ ᠴᠢᠷᠮᠠᠢ᠌ᠨ᠎ᠠ᠃ ᠡᠭᠦᠨ᠎ᠤ ᠬᠠᠮᠲᠤ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠪᠠᠷᠢᠯᠭ᠎ᠠ ᠵᠢᠨ ᠶᠠᠰᠤ ᠴᠢᠨᠠᠷ ᠪᠣᠯᠣᠨ ᠵᠠᠰᠠᠯᠲᠠ ᠵᠢᠨ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠢ; ᠨᠠᠷᠢᠯᠢᠭ ᠪᠤᠳᠤᠬᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ᠎ᠢ ᠬᠡᠷᠡᠭᠯᠡᠨ᠂ ᠦᠷ᠎ᠡ ᠪᠠ ᠵᠤᠯᠵᠠᠭ᠎ᠠ ᠮᠣᠳᠣᠨ᠎ᠤ ᠬᠠᠩᠭ᠋ᠠᠯᠭ᠎ᠠ᠂ ᠡᠯᠡᠰᠦ ᠵᠢ ᠲᠣᠭᠲᠠᠪᠤᠷᠢᠵᠢᠭᠤᠯᠬᠤ ᠮᠠᠲ᠋ᠧᠷᠢᠶᠠᠯ᠂ ᠡᠯᠡᠰᠦ ᠵᠢ ᠵᠠᠰᠠᠬᠤ ᠮᠠᠰᠢᠨ ᠮᠧᠬᠠᠨᠢᠭ ᠵᠡᠷᠭᠡ ᠪᠥᠬᠥ ᠬᠡᠯᠬᠢᠶ᠎ᠡ ᠵᠢ ᠴᠢᠷᠮᠠᠢ᠌ᠨ ᠪᠡᠶᠡᠯᠡᠭᠦᠯᠵᠦ᠂ ᠡᠯ᠎ᠡ ᠭᠣᠭᠴᠣᠭ᠎ᠠ ᠵᠢ ᠨᠤᠲᠤᠭᠴᠢᠯᠠᠭᠤᠯᠬᠤ ᠵᠢ ᠪᠡᠶᠡᠯᠡᠭᠦᠯᠦᠨ᠎ᠡ᠃
ᠬᠥᠬᠡᠮᠳᠦᠭ ᠨᠣᠭᠣᠭ᠋ᠠᠨ ᠥᠩᠭᠡ ᠵᠢ 《ᠲᠠᠷᠢᠵᠤ》 ᠠᠮᠢ ᠠᠬᠤᠢ ᠵᠢᠨ ᠰᠠᠭᠤᠷᠢ ᠥᠩᠭᠡ ᠵᠢ ᠴᠢᠮᠡᠭᠯᠡᠨ᠎ᠡ
ᠵᠢᠯ ᠪᠦᠷᠢ ᠵᠢᠨ ᠬᠠᠪᠤᠷ᠎ᠤᠨ ᠤᠯᠠᠷᠢᠯ᠎ᠳᠤ᠂ ᠪᠠᠶᠠᠨᠨᠠᠭᠤᠷ ᠬᠤᠲᠠ ᠵᠢᠨ ᠥᠷᠭᠡᠨ ᠤᠯᠠᠨ ᠺᠠᠳ᠋ᠷ ᠤᠯᠠᠨ ᠲᠦᠮᠡᠨ ᠮᠣᠳᠣ ᠲᠠᠷᠢᠵᠤ ᠣᠢ᠌ᠵᠢᠭᠤᠯᠬᠤ ᠡᠮᠦᠨ᠎ᠡ ᠹᠷᠣᠨᠲ᠎ᠲᠤ ᠣᠷᠣᠵᠤ᠂ ᠡᠬᠡ ᠭᠠᠵᠠᠷ᠎ᠲᠤ ᠰᠢᠨ᠎ᠡ ᠨᠣᠭᠣᠭ᠋ᠠᠨ ᠥᠩᠭᠡ ᠵᠢ ᠨᠡᠮᠡᠷᠢᠯᠡᠳᠡᠭ; ᠮᠤᠨᠠ ᠠᠭᠤᠯᠠ ᠵᠢᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠮᠣᠳᠣ ᠨᠢᠭᠡᠪᠦᠷᠢ ᠵᠢ ᠴᠥᠮ ᠤᠢ ᠰᠢᠭᠤᠢ ᠵᠢᠨ ᠳᠠᠷᠤᠭ᠎ᠠ ᠬᠠᠮᠢᠶᠠᠷᠴᠤ ᠬᠠᠮᠠᠭ᠋ᠠᠯᠠᠨ᠎ᠠ ᠁ ᠨᠢᠳᠤᠨᠤᠨ᠂ ᠪᠠᠶᠠᠨᠨᠠᠭᠤᠷ ᠬᠤᠳᠠ ᠵᠢᠨ᠎ᠬᠢᠨ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠢ ᠵᠢ ᠨᠣᠭᠣᠭ᠋ᠠᠷᠠᠭᠤᠯᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠵᠤ᠂ ᠪᠣᠬᠢᠷᠲᠤᠯ ᠦᠭᠡᠢ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠬᠦᠴᠦᠯᠡᠨ ᠬᠥᠭᠵᠢᠭᠦᠯᠵᠦ᠂ ᠤᠢ ᠰᠢᠭᠤᠢ ᠡᠪᠡᠰᠦᠨ᠎ᠤ ᠠᠮᠤᠷ ᠲᠦᠪᠰᠢᠨ᠎ᠤ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠵᠦ᠂ ᠪᠦᠬᠦ ᠬᠤᠳᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢᠨ 《ᠪᠣᠬᠢᠷᠲᠤᠯ ᠦᠭᠡᠢ ᠥᠪ ᠬᠥᠷᠥᠩᠭᠡ》 ᠵᠢ ᠲᠠᠰᠤᠷᠠᠯᠳᠡ ᠦᠭᠡᠢ ᠪᠡᠬᠢᠵᠢᠭᠦᠯᠵᠡᠢ᠃ ᠪᠥᠬᠥ ᠵᠢᠯ᠎ᠳᠤ ᠬᠠᠮᠢᠶᠠᠷᠴᠤ ᠬᠠᠮᠠᠭ᠋ᠠᠯᠠᠬᠤ᠎ᠳᠤ ᠬᠡᠷᠡᠭᠯᠡᠬᠦ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ 15᠂ ᠬᠥᠭᠵᠢᠭᠡᠳᠦᠢ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢ ᠪᠡᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢ᠍ᠯ 3᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠲᠤᠯᠠᠭ᠎ᠠ ᠵᠢᠨ ᠴᠢᠨᠠᠷᠲᠠᠢ ᠵᠤᠯᠵᠠᠭ᠎ᠠ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ 5᠂ ᠣᠶ ᠮᠣᠳᠣᠨ᠎ᠤ ᠰᠠᠢ᠌ᠨ ᠡᠭᠦᠯᠳᠡᠷ᠎ᠢ ᠪᠣᠢ᠌ᠵᠢᠭᠤᠯᠬᠤ ᠲᠥᠷᠥᠯ ᠵᠦᠢ᠍ᠯ 5 ᠣᠯᠵᠤ᠂ ᠶᠡᠷᠦᠩᠬᠡᠢ ᠪᠡᠯᠡ ᠣᠷᠣᠭᠤᠯᠤᠯᠲᠠ᠎ᠨᠢ 1013 ᠲᠦᠮᠡᠨ ᠲᠥᠭᠥᠷᠢᠭ ᠬᠥᠷᠪᠡ; 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠬᠠᠲᠤᠨ ᠭᠣᠣᠯ᠎ᠤᠨ 《几 ᠦᠰᠦᠭᠲᠦ ᠮᠤᠷᠤᠢ᠌ᠯᠲᠠ》 ᠵᠢᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠬᠦ᠎ᠪᠠᠷ ᠭᠣᠣᠯᠳᠠᠯᠭ᠎ᠠ ᠪᠣᠯᠭ᠋ᠠᠵᠤ᠂ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢᠨ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠠᠯ᠎ᠠ᠎ᠪᠠᠷ᠎ᠬᠢ ᠭᠣᠣᠯ ᠬᠦᠴᠦᠨ᠎ᠤ ᠦᠢ᠍ᠯᠡᠳᠦᠯ᠎ᠢ ᠪᠠᠳᠠᠷᠠᠭᠤᠯᠤᠨ᠂ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ 4.97 ᠲᠦᠮᠡᠨ ᠮᠦ᠍ ᠠᠮᠢ ᠠᠬᠤᠢ ᠵᠢᠨ ᠵᠠᠰᠠᠯᠲᠠ ᠵᠢ ᠪᠡᠶᠡᠯᠡᠭᠦᠯᠪᠡ; ᠪᠥᠬᠥ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢᠨ ᠪᠥᠬᠥ ᠵᠢᠯ᠎ᠳᠤ 2925 ᠮᠦ᠍ ᠴᠢᠬᠢ ᠮᠣᠳᠣ ᠪᠣᠢ᠌ᠵᠢᠭᠤᠯᠵᠤ᠂ ᠣᠶ ᠰᠢᠭᠤᠢ ᠡᠪᠡᠰᠦᠨ᠎ᠤ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ᠎ᠳᠤ 5527.6 ᠲᠦᠮᠡᠨ ᠰᠠᠭᠤᠷᠢ ᠴᠢᠬᠢ ᠮᠣᠳᠣ ᠬᠠᠩᠭ᠋ᠠᠪᠠ᠃
ᠡᠨᠡ ᠵᠢᠯ᠂ ᠪᠠᠶᠠᠨᠨᠠᠭᠤᠷ ᠬᠤᠳᠠ ᠵᠢᠨ᠎ᠬᠢᠨ ᠭᠣᠣᠯᠳᠠᠯᠭ᠎ᠠ ᠵᠢ ᠴᠢᠩᠭ᠎ᠠ ᠠᠩᠬᠠᠷᠴᠤ᠂ ᠵᠠᠩᠭᠢᠯᠠᠭ᠎ᠠ ᠵᠢ ᠠᠳᠬᠤᠵᠤ᠂ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠢ ᠭᠦᠨᠵᠡᠭᠡᠢ ᠬᠡᠷᠡᠭᠵᠢᠭᠦᠯᠦᠨ ᠪᠣᠳᠠᠲᠠᠢ᠌ᠵᠢᠭᠤᠯᠵᠤ᠂ ᠤᠯᠤᠰ᠎ᠤᠨ ᠭᠠᠵᠠᠷ ᠰᠢᠷᠣᠢ ᠵᠢᠨ ᠨᠣᠭᠣᠭ᠋ᠠᠷᠠᠭᠤᠯᠤᠯᠲᠠ ᠵᠢᠨ ᠭᠣᠣᠯᠳᠠᠯᠭ᠎ᠠ᠎ᠲᠠᠢ ᠢᠨᠵᠧᠨᠧᠷᠢᠩ᠎ᠢ ᠲᠦᠷᠭᠡᠳᠬᠡᠨ ᠠᠬᠢᠭᠤᠯᠵᠤ᠂ ᠠᠵᠤ ᠦᠢ᠍ᠯᠡᠰ ᠵᠶ᠋ᠡᠷ ᠠᠷᠠᠳ᠎ᠢ ᠪᠠᠶᠠᠵᠢᠭᠤᠯᠬᠤ ᠰᠠᠭᠤᠷᠢ ᠵᠢ ᠦᠷᠭᠦᠯᠵᠢᠯᠡᠨ ᠵᠤᠵᠠᠭ᠋ᠠᠳᠬᠠᠵᠤ᠂ ᠤᠢ ᠰᠢᠭᠤᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢ ᠯᠠᠪᠳᠠᠭᠤᠨ ᠪᠠᠲᠤᠲᠠᠢ ᠰᠠᠢ᠌ᠲᠤᠷ ᠠᠳᠬᠤᠨ᠎ᠠ; ᠣᠶᠤᠨᠲᠤ ᠣᠶ ᠰᠢᠭᠤᠢ ᠡᠪᠡᠰᠦ ᠪᠡᠯᠴᠢᠭᠡᠷ᠎ᠤᠨ ᠮᠡᠳᠡᠭᠡ ᠵᠠᠩᠭᠢ ᠵᠢᠨ ᠲᠠᠪᠴᠠᠩ᠎ᠢ ᠠᠰᠢᠭᠯᠠᠨ᠂ ᠮᠡᠷᠭᠡᠵᠢᠯ ᠵᠶ᠋ᠡᠷ ᠰᠡᠷᠭᠡᠢ᠌ᠯᠡᠬᠦ ᠪᠠ ᠬᠥᠮᠥᠨ ᠵᠶ᠋ᠡᠷ ᠰᠡᠷᠭᠡᠢ᠌ᠯᠡᠬᠦ ᠵᠢ ᠤᠶᠠᠯᠳᠤᠭᠤᠯᠬᠤ ᠵᠢ ᠬᠡᠷᠡᠭᠵᠢᠭᠦᠯᠵᠦ᠂ ᠬᠡᠰᠡᠭ᠎ᠢ ᠳᠠᠭ᠋ᠠᠭ᠋ᠠᠴᠢᠯᠠᠨ ᠴᠡᠭ᠎ᠲᠤ ᠰᠠᠭᠤᠬᠤ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠨ᠂ ᠭᠣᠣᠯᠳᠠᠯᠭ᠎ᠠ᠎ᠲᠠᠢ ᠴᠠᠭ ᠬᠤᠭᠤᠴᠠᠭ᠋ᠠᠨ᠎ᠳᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠨ᠎ᠠ; 105 ᠲᠦᠮᠡᠨ ᠮᠦ᠍᠎ᠠᠴᠠ ᠳᠡᠭᠡᠭᠰᠢ ᠣᠶ ᠰᠢᠭᠤᠢ ᠡᠪᠡᠰᠦ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠢ᠌ᠯᠡᠨ ᠵᠠᠰᠠᠬᠤ ᠵᠢ ᠴᠢᠷᠮᠠᠢ᠌ᠨ ᠪᠡᠶᠡᠯᠡᠭᠦᠯᠵᠦ᠂ ᠣᠶ ᠰᠢᠭᠤᠢ ᠵᠢᠨ ᠬᠥᠨᠥᠭᠡᠯᠲᠡᠢ ᠠᠮᠢᠳᠤ ᠪᠣᠳᠠᠰ᠎ᠤᠨ ᠭᠠᠮᠰᠢᠭᠳᠠᠬᠤ ᠨᠣᠷᠮ᠎ᠠ ᠵᠢ 3‰ ᠵᠢᠨ ᠳᠣᠲᠣᠷ᠎ᠠ ᠬᠢᠵᠠᠭ᠋ᠠᠷᠯᠠᠨ᠎ᠠ; 2 ᠲᠦᠮᠡᠨ ᠮᠦ᠍᠎ᠠᠴᠠ ᠳᠡᠭᠡᠭᠰᠢ ᠠᠵᠤ ᠠᠬᠤᠢ ᠵᠢᠨ ᠣᠶ ᠵᠢ ᠪᠦᠲᠦᠭᠡᠨ ᠪᠠᠶ᠋ᠢᠭᠤᠯᠬᠤ ᠵᠢᠨ ᠬᠠᠮᠲᠤ 4 ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠪᠠᠢ᠌ᠭᠤᠯᠤᠨ᠎ᠠ; ᠬᠠᠮᠲᠤ ᠵᠢᠨ ᠣᠶ ᠮᠣᠳᠣᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠳ᠋ᠸᠩᠺᠸᠤ ᠰᠢᠶᠠᠨ᠂ ᠤᠷᠠᠳ᠎ᠤᠨ ᠳᠤᠮᠳᠠᠳᠤ ᠬᠣᠰᠢᠭᠤᠨ᠎ᠤ ᠥᠭᠡᠷᠡᠴᠢᠯᠡᠯᠲᠡ ᠵᠢᠨ ᠲᠤᠷᠰᠢᠯᠲᠠ ᠵᠢ ᠰᠠᠢ᠌ᠲᠤᠷ ᠠᠳᠬᠤᠵᠤ᠂ ᠨᠡᠢ᠌ᠲᠡᠯᠢᠭ ᠲᠤᠷᠰᠢᠯᠭ᠎ᠠ ᠵᠢᠨ ᠵᠠᠭᠪᠤᠷ᠎ᠢ ᠰᠦᠪᠡᠭᠴᠢᠯᠡᠨ ᠪᠣᠶ ᠪᠣᠯᠭ᠋ᠠᠨ᠎ᠠ; ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠪᠥᠬᠥ ᠤᠯᠤᠰ᠎ᠤᠨ ᠲᠤᠷᠰᠢᠯᠲᠠ ᠵᠢᠨ ᠴᠡᠭ᠎ᠤᠨ 6 ᠣᠶ ᠰᠢᠭᠤᠢ ᠵᠢᠨ ᠲᠠᠯᠠᠪᠠᠶ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠂ ᠬᠡᠷᠡᠭᠯᠡᠬᠦ ᠬᠠᠮᠢᠶᠠᠷᠴᠤ ᠬᠠᠮᠠᠭ᠋ᠠᠯᠠᠬᠤ᠎ᠳᠤ ᠬᠡᠷᠡᠭᠯᠡᠬᠦ ᠭᠡᠷ ᠪᠠᠢ᠌ᠰᠢᠩ᠎ᠢ ᠪᠠᠢ᠌ᠭᠤᠯᠵᠤ᠂ ᠬᠥᠭᠵᠢᠭᠡᠳᠦᠢ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢ ᠪᠡᠬᠢᠵᠢᠭᠦᠯᠦᠨ ᠳᠡᠭᠡᠭᠰᠢᠯᠡᠭᠦᠯᠬᠦ ᠲᠥᠷᠥᠯ ᠵᠦᠢ᠍ᠯ᠎ᠢ ᠪᠡᠶᠡᠯᠡᠭᠦᠯᠵᠦ᠂ ᠪᠥᠬᠥ ᠬᠣᠲᠠ ᠵᠢᠨ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠣᠶ ᠰᠢᠭᠤᠢ + ᠵᠡᠷᠭᠡ ᠠᠵᠤ ᠦᠢ᠍ᠯᠡᠰ᠎ᠢ ᠬᠥᠭᠵᠢᠭᠦᠯᠬᠦ ᠵᠢ ᠵᠣᠷᠢᠭᠵᠢᠭᠤᠯᠤᠨ᠎ᠠ; ᠦᠪᠸᠢ ᠣᠶ ᠰᠢᠭᠤᠢ ᠵᠢᠨ ᠲᠠᠯᠠᠪᠠᠶ᠂ ᠰᠢᠨ ᠬᠣᠩ ᠣᠶ ᠰᠢᠭᠤᠢ ᠵᠢᠨ ᠲᠠᠯᠠᠪᠠᠶ ᠵᠡᠷᠭᠡ 6 ᠣᠶ ᠮᠣᠳᠣᠨ᠎ᠤ ᠰᠠᠢ᠌ᠨ ᠡᠭᠦᠯᠳᠡᠷ᠎ᠢ ᠪᠣᠢ᠌ᠵᠢᠭᠤᠯᠬᠤ ᠲᠥᠷᠥᠯ ᠵᠦᠢ᠍ᠯ᠎ᠳᠤ ᠲᠦᠰᠢᠭᠯᠡᠨ᠂ 287.4 ᠮᠦ᠍᠂ 1490 ᠲᠦᠮᠡᠨ ᠰᠠᠭᠤᠷᠢ ᠵᠤᠯᠵᠠᠭ᠎ᠠ ᠮᠣᠳᠣ ᠵᠢ ᠪᠣᠢ᠌ᠵᠢᠭᠤᠯᠤᠨ᠎ᠠ; ᠥᠪᠡᠷᠲᠡᠭᠡᠨ ᠵᠠᠰᠠᠬᠤ ᠣᠷᠣᠨ᠎ᠤ ᠲᠠᠰ᠎ᠤᠨ 6 ᠪᠠᠲᠤᠯᠠᠭ᠎ᠠ ᠵᠢᠨ ᠴᠢᠨᠠᠷᠲᠠᠢ ᠵᠤᠯᠵᠠᠭ᠎ᠠ ᠮᠣᠳᠣᠨ᠎ᠤ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ 1218 ᠮᠦ᠍᠂ 3887.4 ᠲᠦᠮᠡᠨ ᠰᠠᠭᠤᠷᠢ ᠵᠤᠯᠵᠠᠭ᠎ᠠ ᠮᠣᠳᠣ ᠪᠣᠢ᠌ᠵᠢᠭᠤᠯᠤᠨ᠎ᠠ᠃
ᠬᠡᠰᠡᠭ ᠬᠡᠰᠡᠭ ᠡᠪᠡᠰᠦᠨ ᠳᠥᠷᠪᠡᠯᠵᠢᠨᠨᠦᠭᠦᠳ ᠦᠷᠭᠦᠯᠵᠢᠯᠡᠭᠰᠡᠨ ᠡᠯᠡᠰᠦᠨ ᠳᠣᠪᠣᠴᠠᠭ᠎ᠢ ᠴᠢᠩᠭ᠎ᠠ ᠴᠣᠣᠵᠢᠯᠠᠵᠤ᠂ ᠬᠡᠰᠡᠭ ᠬᠡᠰᠡᠭ ᠴᠡᠯᠡᠭᠡᠷ ᠤᠢ ᠮᠣᠳᠣᠨᠤᠭᠤᠳ ᠨᠣᠭᠣᠭ᠋ᠠᠨ ᠥᠩᠭᠡ᠎ᠪᠠᠷ ᠪᠢᠯᠬᠠᠵᠤ᠂ ᠨᠡᠭᠦᠳᠡᠯ᠎ᠤᠨ ᠰᠢᠪᠠᠭᠤᠳ ᠨᠠᠭᠤᠷ᠎ᠤᠨ ᠤᠰᠤᠨ᠎ᠠ ᠲᠣᠭᠯᠠᠨ ᠪᠥᠵᠢᠭᠯᠡᠨ᠎ᠡ ᠁ ᠠᠮᠢ ᠠᠬᠤᠢ ᠪᠣᠯ ᠬᠠᠮᠤᠭ᠎ᠤᠨ ᠡᠷᠬᠢᠮ ᠨᠠᠨᠳᠢᠨ ᠡᠬᠢ ᠪᠠᠶᠠᠯᠢᠭ ᠪᠠ ᠡᠳ᠋ ᠪᠠᠶᠠᠯᠢᠭ ᠪᠣᠯᠣᠨ᠎ᠠ᠂ ᠪᠣᠬᠢᠷᠲᠤᠯ ᠦᠭᠡᠢ ᠬᠥᠭᠵᠢᠯᠲᠡ ᠵᠢᠨ ᠰᠢᠨ᠎ᠡ ᠠᠶᠠᠨ᠎ᠳᠤ᠂ ᠪᠠᠶᠠᠨᠨᠠᠭᠤᠷ ᠬᠤᠳᠠ ᠵᠢᠨ᠎ᠬᠢᠨ ᠴᠢᠨᠠᠷ ᠰᠠᠢ᠌ᠲᠠᠢ ᠬᠥᠭᠵᠢᠯᠲᠡ ᠵᠢᠨ ᠨᠣᠭᠣᠭ᠋ᠠᠨ ᠥᠩᠭᠡ ᠵᠢ ᠵᠤᠵᠠᠭ᠋ᠠᠳᠬᠠᠵᠤ᠂ ᠴᠥᠬᠥᠷᠡᠰᠢ ᠦᠭᠡᠢ ᠴᠢᠷᠮᠠᠢ᠌ᠨ ᠠᠵᠢᠯᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ᠃