ᠪᠣᠬᠢᠷᠲᠤᠯ ᠦᠭᠡᠢ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠢᠨ ᠲᠥᠯᠥᠭᠡ᠂ ᠤᠢ᠍ᠢ᠍ᠷ᠎ᠠ ᠵᠢᠨ ᠡᠳᠦᠷ᠂ ᠬᠥᠬᠡᠬᠣᠲᠠ ᠵᠢᠨ ᠨᠠᠮ᠎ᠤᠨ ᠬᠣᠷᠢᠢ᠎ᠠ ᠵᠢᠨ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠢ᠎ᠠ 《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠢ᠌ᠭᠤᠯᠬᠤ᠎ᠳᠤ ᠪᠢᠳᠡ ᠤᠷᠢᠳᠠᠪᠠᠷ ᠬᠥᠳᠡᠯᠦᠯᠴᠡᠶ᠎ᠡ》᠎ᠪᠠᠷ ᠭᠣᠣᠯ ᠰᠡᠳᠦᠪ ᠪᠣᠯᠭ᠋ᠠᠭᠰᠠᠨ ᠰᠦᠯᠵᠢᠶᠡᠨ᠎ᠤ ᠰᠤᠳᠤᠴᠤᠳ᠎ᠤᠨ ᠴᠤᠭᠯᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠠᠢ᠃ ᠲᠤᠰ ᠠᠵᠢᠯᠯᠠᠭ᠎ᠠ᠎ᠳᠤ ᠲᠤᠰ ᠭᠠᠵᠠᠷ᠎ᠤᠨ ᠠᠷᠪᠠ ᠭᠠᠷᠤᠶ ᠰᠦᠯᠵᠢᠶᠡᠨ᠎ᠤ ᠨᠡᠷᠡᠲᠦ ᠬᠥᠮᠦᠰ ᠪᠠ ᠵᠠᠭᠤᠴᠢᠯᠠᠭᠤᠷ᠎ᠤᠨ ᠲᠥᠯᠥᠭᠡᠯᠡᠭᠴᠢ ᠵᠢ ᠤᠷᠢᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡᠨ᠎ᠤ ᠬᠥᠬᠡᠬᠣᠲᠠ ᠵᠢᠨ ᠬᠤᠪᠢᠶᠠᠷᠢ ᠥᠷᠲᠡᠭᠡ ᠪᠣᠯᠤᠨ ᠬᠥᠬᠡᠬᠣᠲᠠ ᠵᠢᠨ ᠠᠩᠬ᠎ᠠ ᠡᠭᠦᠳᠦᠭᠰᠡᠨ ᠴᠢᠩ ᠶᠤᠸᠠᠨ ᠤᠰᠤᠨ᠎ᠤ ᠶᠠᠪᠤᠳᠠᠯ᠎ᠤᠨ ᠬᠢᠵᠠᠭ᠋ᠠᠷᠲᠤ ᠺᠣᠮᠫᠠᠨᠢ ᠵᠢᠨ᠎ᠪᠠᠨ ᠳ᠋ᠢᠩ ᠶᠢᠩ ᠪᠣᠬᠢᠷ ᠤᠰᠤ ᠰᠢᠢᠳᠪᠦᠷᠢᠯᠡᠬᠦ ᠦᠢ᠍ᠯᠡᠳᠪᠦᠷᠢ (ᠭᠤᠷᠪᠠᠳᠤᠭ᠋ᠠᠷ ᠬᠤᠭᠤᠴᠠᠭ᠎ᠠ) ᠵᠢ ᠲᠣᠭᠣᠷᠢᠨ ᠦᠵᠡᠵᠦ᠂ ᠠᠮᠢ ᠠᠬᠤᠢ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠ ᠪᠣᠬᠢᠷ ᠤᠰᠤ ᠵᠢ ᠰᠢᠢ᠍ᠳᠪᠦᠷᠢᠯᠡᠬᠦ ᠬᠠᠮᠢᠶ᠎ᠠ ᠪᠦᠬᠦᠢ ᠪᠠᠶ᠋ᠢᠳᠠᠯ᠎ᠢ ᠭᠦᠨᠵᠡᠭᠡᠢ ᠣᠶ᠋ᠢᠯᠠᠭ᠋ᠠᠪᠠ᠂ ᠡᠭᠦᠨ᠎ᠤ ᠵᠣᠷᠢᠯᠭ᠎ᠠ᠎ᠨᠢ ᠰᠢᠨ᠎ᠡ ᠵᠠᠭᠤᠴᠢᠯᠠᠭᠤᠷ᠎ᠤᠨ ᠲᠠᠪᠴᠠᠩ ᠵᠶ᠋ᠠᠷ ᠳᠠᠮᠵᠢᠭᠤᠯᠤᠨ ᠣᠷᠴᠢᠨ ᠲᠣᠭᠣᠷᠢᠨ᠎ᠢ ᠬᠠᠮᠠᠭ᠋ᠠᠯᠠᠬᠤ ᠤᠢ᠍ᠢ᠍ᠯᠠᠭ᠋ᠠᠭᠳᠠᠬᠤᠨ᠎ᠢ ᠥᠷᠭᠡᠨ ᠵᠶ᠋ᠡᠷ ᠤᠯᠠᠮᠵᠢᠯᠠᠵᠤ᠂ ᠤᠯᠠᠨ ᠨᠡᠶ᠋ᠢᠲᠡ ᠵᠢ ᠬᠦᠳᠦᠯᠦᠨ ᠵᠢᠯᠣᠭᠣᠳᠴᠤ ᠪᠠᠶ᠋ᠢᠭ᠋ᠠᠳ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠢ ᠤᠢ᠍ᠢ᠍ᠯᠠᠭ᠋ᠠᠭᠤᠯᠬᠤ ᠵᠢᠨ ᠬᠠᠮᠲᠤ ᠲᠡᠭᠦᠨ᠎ᠳᠤ ᠣᠷᠣᠯᠴᠠᠭᠤᠯᠬᠤ ᠵᠢᠨ ᠲᠥᠯᠥᠭᠡ ᠶᠤᠮ᠃
ᠲᠤᠰ ᠠᠵᠢᠯᠯᠠᠭ᠎ᠠ᠎ᠨᠢ ᠡᠩ ᠲᠡᠷᠢᠭᠦᠨ᠎ᠳᠤ ᠪᠦᠬᠦ ᠬᠤᠳᠠ ᠵᠢᠨ ᠤᠢ᠍ᠢ᠍ᠷ᠎ᠠ ᠵᠢᠨ ᠵᠢᠯ᠎ᠤᠨ ᠲᠤᠷᠰᠢᠬᠢ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠳᠠᠯ ᠪᠣᠯᠤᠨ ᠣᠯᠤᠭᠰᠠᠨ ᠦᠷ᠎ᠡ ᠪᠦᠲᠦᠮᠵᠢ ᠵᠢ ᠲᠠᠨᠢᠯᠴᠠᠭᠤᠯᠵᠠᠢ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠦᠷᠳᠡᠬᠡ ᠵᠢᠨ ᠬᠥᠬᠡᠬᠣᠲᠠ ᠵᠢᠨ ᠬᠤᠪᠢᠶᠠᠷᠢ ᠦᠷᠳᠡᠬᠡ᠎ᠳᠤ᠂ ᠲᠠᠶ᠋ᠢᠯᠪᠤᠷᠢᠯᠠᠭᠴᠢ ᠰᠦᠯᠵᠢᠶᠡᠨ᠎ᠤ ᠰᠤᠳᠤᠴᠤᠳ᠎ᠲᠤ ᠬᠢᠨᠠᠨ ᠬᠡᠮᠵᠢᠯᠲᠡ ᠵᠢᠨ ᠦᠷᠳᠡᠬᠡ ᠵᠢᠨ ᠡᠭᠦᠷᠭᠡ ᠴᠢᠳᠠᠪᠬᠢ᠂ ᠲᠥᠬᠥᠭᠡᠷᠦᠮᠵᠢ ᠪᠣᠯᠤᠨ ᠮᠡᠷᠭᠡᠵᠢᠯ᠎ᠤᠨ ᠠᠷᠭ᠎ᠠ ᠪᠠᠷᠢᠯ ᠵᠢᠴᠢ ᠤᠢ᠍ᠢ᠍ᠷ᠎ᠠ ᠵᠢᠨ ᠵᠢᠯ᠎ᠤᠨ ᠠᠭ᠋ᠠᠷ᠎ᠤᠨ ᠶᠠᠰᠤ ᠴᠢᠨᠠᠷ᠂ ᠤᠰᠤᠨ᠎ᠤ ᠴᠢᠨᠠᠷ᠎ᠢ ᠬᠢᠨᠠᠨ ᠬᠡᠮᠵᠢᠬᠦ ᠵᠡᠷᠭᠡ ᠲᠠᠯ᠎ᠠ᠎ᠪᠠᠷ ᠣᠯᠤᠭᠰᠠᠨ ᠢᠯᠡᠳᠲᠡ ᠦᠷ᠎ᠡ ᠪᠦᠲᠦᠮᠵᠢ ᠵᠢ ᠨᠠᠷᠢᠨ ᠲᠠᠨᠢᠯᠴᠠᠭᠤᠯᠵᠠᠢ᠃ ᠳᠠᠷᠠᠭ᠎ᠠ᠎ᠨᠢ᠂ ᠲᠡᠳᠡᠨᠦᠰ᠎ᠪᠠᠨ ᠳ᠋ᠢᠩ ᠶᠢᠩ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠭᠤᠷᠪᠠᠳᠤᠭ᠋ᠠᠷ ᠬᠤᠭᠤᠴᠠᠭ᠎ᠠ᠎ᠳᠤ ᠬᠦᠷᠴᠦ᠂ ᠪᠣᠬᠢᠷ ᠤᠰᠤ ᠰᠢᠢ᠍ᠳᠪᠦᠷᠢᠯᠡᠬᠦ ᠪᠦᠬᠦ ᠶᠠᠪᠤᠴᠠ ᠵᠢ ᠲᠤᠬᠠᠢ ᠵᠢᠨ ᠭᠠᠵᠠᠷ᠎ᠲᠤᠨᠢ ᠲᠣᠭᠣᠷᠢᠨ ᠦᠵᠡᠵᠦ᠂ ᠠᠵᠢᠯᠲᠠᠳ ᠪᠦᠬᠦ ᠬᠤᠳᠠ ᠵᠢᠨ ᠪᠣᠬᠢᠷ ᠤᠰᠤ ᠰᠢᠢ᠍ᠳᠪᠦᠷᠢᠯᠡᠬᠦ ᠦᠨᠳᠦᠰᠦᠨ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠬᠥᠮᠦᠰ᠎ᠲᠤ ᠪᠣᠬᠢᠷ ᠤᠰᠤ ᠰᠢᠢ᠍ᠳᠪᠦᠷᠢᠯᠡᠬᠦ ᠤᠭ ᠶᠣᠰᠣ ᠪᠣᠯᠤᠨ ᠭᠠᠷ ᠤᠷᠠᠯᠠᠯ᠎ᠤᠨ ᠮᠡᠷᠭᠡᠵᠢᠯ᠎ᠢ ᠲᠠᠨᠢᠯᠴᠠᠭᠤᠯᠵᠤ᠂ ᠰᠦᠯᠵᠢᠶᠡᠨ᠎ᠤ ᠴᠢᠳᠠᠪᠤᠷᠢᠲᠠᠨ ᠪᠣᠯᠤᠨ ᠵᠠᠭᠤᠴᠢᠯᠠᠭᠤᠷ᠎ᠤᠨ ᠲᠥᠯᠥᠭᠡᠯᠡᠭᠴᠢᠳ᠎ᠲᠤ ᠪᠣᠬᠢᠷ ᠤᠰᠤ ᠰᠢᠢ᠍ᠳᠪᠦᠷᠢᠯᠡᠬᠦ ᠤᠷ᠎ᠠ ᠮᠡᠷᠭᠡᠵᠢᠯ᠎ᠤᠨ ᠲᠤᠬᠠᠢ ᠨᠡᠩ ᠰᠢᠭᠤᠳ ᠪᠥᠭᠡᠳ ᠭᠦᠨᠵᠡᠭᠡᠢ ᠣᠶ᠋ᠢᠯᠠᠭ᠋ᠠᠯᠲᠠ᠎ᠲᠠᠢ ᠪᠣᠯᠭ᠋ᠠᠵᠠᠢ᠃ ᠲᠣᠭᠣᠷᠢᠨ ᠦᠵᠡᠬᠦ ᠶᠠᠪᠤᠴᠠ᠎ᠳᠤ ᠠᠵᠢᠯᠲᠠᠳ ᠰᠦᠯᠵᠢᠶᠡᠨ᠎ᠤ ᠰᠤᠳᠤᠴᠤᠳ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠠᠶ᠃ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠢ᠎ᠠ᠎ᠠᠴᠠ ᠲᠤᠬᠠᠢ ᠵᠢᠨ ᠲᠠᠯᠠᠪᠠᠢ᠎ᠳᠤ ᠢᠷᠡᠭᠰᠡᠨ ᠬᠥᠮᠦᠰ᠎ᠲᠤ 《ᠬᠥᠬᠡᠬᠣᠲᠠ ᠵᠢᠨ ᠠᠮᠢ ᠠᠬᠤᠢ ᠵᠢᠨ ᠬᠠᠮᠠᠭ᠋ᠠᠯᠠᠭᠴᠢ》 ᠱᠠᠩᠨᠠᠯ᠎ᠤᠨ ᠮᠧᠳᠠᠯ ᠣᠯᠭᠣᠵᠤ᠂ ᠵᠠᠭᠤᠴᠢᠯᠠᠭᠤᠷ᠎ᠤᠨ᠎ᠬᠢᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠷᠭᠦᠯᠵᠢᠯᠡᠨ ᠠᠩᠬᠠᠷᠤᠨ ᠳᠡᠮᠵᠢᠬᠦ ᠵᠢ ᠵᠣᠷᠢᠭᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠠᠰᠤᠷᠠᠯᠳᠡ ᠦᠭᠡᠢ ᠤᠷᠤᠬᠰᠢ ᠬᠥᠭᠵᠢᠬᠦ ᠵᠢ ᠬᠠᠮᠳᠤ᠎ᠪᠠᠷ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠣᠷᠣᠨ᠎ᠤ ᠲᠥᠪ ᠬᠤᠳᠠ ᠵᠢ ᠪᠦᠳᠦᠬᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠵᠣᠷᠢᠭᠵᠢᠭᠤᠯᠪᠠ᠃
ᠲᠤᠰ ᠤᠳᠠᠭ᠎ᠠ ᠵᠢᠨ ᠠᠵᠢᠯᠯᠠᠭ᠎ᠠ᠎ᠨᠢ ᠰᠦᠯᠵᠢᠶᠡᠨ᠎ᠤ ᠰᠣᠳᠣᠨ ᠬᠥᠮᠦᠰ ᠪᠠ ᠵᠠᠭᠤᠴᠢᠯᠠᠭᠤᠷ᠎ᠤᠨ ᠲᠥᠯᠥᠭᠡᠯᠡᠭᠴᠢᠳ᠎ᠤᠨ ᠢᠳᠡᠪᠬᠢᠲᠡᠢ ᠬᠦᠷᠢᠶᠡᠯᠡᠯ ᠪᠠ ᠥᠨᠳᠥᠷ ᠦᠨᠡᠯᠡᠯᠲᠡ ᠵᠢ ᠣᠯᠪᠠ᠃ ᠲᠡᠳᠡᠨᠦᠰ ᠲᠤᠰ ᠤᠳᠠᠭ᠎ᠠ ᠵᠢᠨ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ ᠪᠠ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠵᠠᠢ᠂ ᠤᠬᠠᠮᠰᠠᠷ᠎ᠠᠴᠠ᠎ᠪᠠᠨ ᠥᠪᠡᠷ᠎ᠤᠨ ᠪᠡᠶ᠎ᠡ᠎ᠠᠴᠠ᠎ᠪᠠᠨ ᠡᠬᠢᠯᠡᠨ ᠬᠢᠵᠦ᠂ ᠵᠢᠵᠢᠭ ᠰᠠᠵᠢᠭ ᠵᠦᠢ᠍ᠯ᠎ᠠᠴᠠ ᠡᠬᠢᠯᠡᠨ ᠬᠢᠵᠦ᠂ ᠨᠡᠩ ᠤᠯᠠᠨ ᠪᠠᠬᠠᠷᠬᠠᠭᠴᠢᠳᠢ ᠳᠠᠢ᠍ᠢ᠍ᠴᠢᠯᠠᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠢ ᠦᠢ᠍ᠯᠡᠳᠦᠯᠭᠡᠵᠢᠭᠦᠯᠵᠦ᠂ ᠦᠵᠡᠰᠬᠦᠯᠡᠩᠲᠦ ᠰᠠᠶ᠋ᠢᠬᠠᠨ ᠭᠡᠷ ᠣᠷᠣᠨ᠎ᠢ ᠪᠦᠳᠦᠬᠡᠨ ᠪᠠᠶ᠋ᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠬᠦᠯᠦᠨ᠎ᠡ ᠭᠡᠵᠦ ᠢᠯᠡᠳᠬᠡᠵᠡᠭᠡᠪᠡ᠃