ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠩᠬᠢᠨᠢ᠎ᠪᠠᠷ ᠰᠦᠯᠵᠢᠶ᠎ᠡ ᠨᠡᠪᠲᠡᠷᠡᠪᠡ
ᠨᠡᠶ᠋ᠢᠲᠡᠯᠡᠭᠰᠡᠨ ᠴᠠᠭ᠄ 2018-11-13

      ᠥᠪᠡᠷᠲᠡᠭᠡᠨ ᠵᠠᠰᠠᠬᠤ ᠣᠷᠣᠨ᠎ᠤ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠪᠠᠢ᠌ᠭᠤᠯᠤᠯᠲᠠ ᠵᠢ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠲᠦᠭᠡᠮᠡᠯᠵᠢᠭᠦᠯᠦᠨ ᠳᠡᠯᠭᠡᠷᠡᠭᠦᠯᠵᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠵᠢ ᠠᠬᠢᠭᠤᠯᠤᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠣᠲᠣᠭ᠋ᠠᠳᠤ ᠭᠠᠳᠠᠭ᠋ᠠᠳᠤ᠎ᠳᠠᠬᠢ ᠤᠬᠠᠭᠤᠯᠭ᠎ᠠ ᠵᠢ ᠴᠢᠩᠭ᠋ᠠᠷᠠᠭᠤᠯᠵᠤ᠂ ᠠᠷᠠᠳ ᠲᠦᠮᠡᠨ ᠣᠨᠴᠠᠭ᠋ᠠᠢ᠌ᠯᠠᠨ ᠲᠠᠷᠢᠶᠠᠴᠢᠨ ᠮᠠᠯᠴᠢᠨ ᠲᠦᠮᠡᠨ᠎ᠤ ᠣᠷᠴᠢᠨ ᠲᠣᠭᠣᠷᠢᠨ᠎ᠤ ᠲᠤᠬᠠᠢ ᠪᠠᠢ᠌ᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠲᠠᠰᠤᠷᠠᠯᠲᠠ ᠦᠭᠡᠢ ᠬᠠᠩᠭ᠋ᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠡᠮᠦᠨᠡᠬᠡᠨ ᠵᠢᠩᠬᠢᠨᠢ᠎ᠪᠠᠷ ᠰᠦᠯᠵᠢᠶ᠎ᠡ ᠨᠡᠪᠲᠡᠷᠡᠭᠦᠯᠦᠨ ᠠᠵᠢᠯᠯᠠᠭᠤᠯᠵᠠᠢ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠪᠠᠢ᠌ᠭᠤᠯᠤᠭᠰᠠᠨ᠎ᠨᠢ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠪᠠᠢ᠌ᠬᠤ ᠵᠢᠨ ᠢᠯᠡᠷᠡᠯ ᠪᠣᠯᠣᠨ᠎ᠠ᠂ ᠮᠥᠨ ᠴᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠦᠨᠳᠦᠰᠦᠲᠡᠨ᠎ᠤ ᠦᠭᠡ ᠬᠡᠯᠡ᠎ᠪᠠᠨ ᠬᠡᠷᠡᠭᠯᠡᠵᠦ ᠪᠠᠢ᠌ᠭ᠎ᠠ ᠺᠠᠳ᠋ᠷ ᠪᠠ ᠣᠯᠠᠨ ᠲᠦᠮᠡᠨ᠎ᠢ ᠬᠠᠷᠠᠭ᠋ᠠᠯᠵᠠᠵᠤ ᠪᠠᠢ᠌ᠬᠤ ᠵᠢᠨ ᠢᠯᠡᠷᠡᠯ ᠪᠣᠯᠣᠨ᠎ᠠ᠃ ᠡᠨᠡ᠎ᠨᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠤᠬᠠᠭᠤᠯᠭ᠎ᠠ ᠵᠢᠨ ᠬᠡᠪᠴᠢᠶ᠎ᠡ ᠵᠢ ᠥᠷᠭᠡᠳᠬᠡᠨ᠂ ᠠᠷᠠᠳ ᠲᠦᠮᠡᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠲᠤᠬᠠᠢ ᠠᠩᠬᠠᠷᠤᠯ ᠪᠠ ᠳᠡᠮᠵᠢᠯᠭᠡ ᠵᠢ ᠴᠢᠩᠭ᠋ᠠᠷᠠᠭᠤᠯᠬᠤ᠎ᠳᠤ ᠠᠰᠢᠭᠲᠠᠢ ᠪᠠᠢ᠌ᠳᠠᠭ᠃ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠡᠶ᠎ᠡ ᠨᠠᠢ᠌ᠷᠠᠮᠳᠠᠭᠤ᠎ᠪᠠᠷ ᠣᠷᠣᠰᠢᠨ ᠠᠮᠢᠳᠤᠷᠠᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠶ᠎ᠡ ᠵᠣᠬᠢᠴᠠᠩᠭᠤᠢ᠎ᠪᠠᠷ ᠬᠥᠭᠵᠢᠨ ᠳᠠᠪᠰᠢᠬᠤ ᠵᠢ ᠠᠬᠢᠭᠤᠯᠵᠤ᠂ ᠡᠷᠬᠡ ᠲᠡᠭᠰᠢ᠂ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠠᠲᠤᠳᠬᠠᠨ ᠬᠥᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠪᠠᠢ᠌ᠭᠤᠯᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠣᠩᠭᠣᠯ ᠬᠡᠯᠡᠨ᠎ᠤ ᠬᠡᠪᠯᠡᠯ᠎ᠤᠨ ᠪᠠᠢ᠌ᠭᠤᠯᠤᠯᠲᠠ ᠵᠢᠨ ᠲᠥᠰᠥᠯ》᠎ᠢ ᠲᠣᠭᠲᠠᠭ᠋ᠠᠵᠤ᠂ 5 ᠰᠠᠷ᠎ᠠ ᠵᠢᠨ ᠴᠠᠭ ᠵᠠᠷᠤᠴᠠᠭᠤᠯᠵᠤ ᠪᠠᠢ᠌ᠭ᠋ᠠᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠵᠢᠷᠤᠭ ᠲᠥᠰᠥᠪ᠎ᠤᠨ ᠨᠢᠭᠡᠳᠦᠭᠡᠷ ᠳᠡᠰ᠎ᠤᠨ ᠪᠤᠯᠤᠩ ᠪᠠ ᠬᠣᠶᠠᠳᠤᠭ᠋ᠠᠷ ᠳᠡᠰ᠎ᠤᠨ ᠪᠤᠯᠤᠩ᠎ᠢ ᠪᠠᠢ᠌ᠭᠤᠯᠤᠨ ᠪᠠᠢ᠌ᠷᠢᠯᠠᠭᠤᠯᠬᠤ ᠠᠵᠢᠯ᠎ᠢ ᠪᠡᠶᠡᠯᠡᠭᠦᠯᠵᠦ᠂ ᠰᠦᠯᠵᠢᠶᠡᠨ᠎ᠤ ᠪᠤᠯᠤᠩ᠎ᠤᠨ ᠠᠭᠤᠯᠭ᠎ᠠ᠎ᠢ ᠣᠷᠴᠢᠭᠤᠯᠤᠨ ᠨᠠᠢ᠌ᠷᠠᠭᠤᠯᠵᠤ᠂ ᠤᠷᠤᠭᠰᠢᠲᠠᠢ᠎ᠪᠠᠷ ᠰᠦᠯᠵᠢᠶ᠎ᠡ ᠨᠡᠪᠲᠡᠷᠡᠭᠦᠯᠵᠡᠢ᠃
      ᠲᠤᠰ ᠰᠦᠯᠵᠢᠶᠡᠨ᠎ᠤ ᠪᠠᠢ᠌ᠭᠤᠯᠤᠯᠲᠠ᠎ᠨᠢ ᠨᠠᠮ ᠪᠠ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠲᠣᠭᠲᠠᠭ᠋ᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠳᠦᠷᠢᠮ ᠰᠢᠢ᠍ᠳᠪᠦᠷᠢ ᠵᠢ ᠤᠬᠠᠭᠤᠯᠤᠨ ᠲᠤᠭᠤᠰᠢᠯᠠᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠠᠬᠢᠭᠤᠯᠤᠨ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢ᠍ᠯᠡᠴᠢᠯᠡᠬᠦ᠎ᠪᠠᠷ ᠵᠣᠷᠢᠯᠲᠠ᠎ᠪᠠᠨ ᠪᠣᠯᠭ᠋ᠠᠪᠠ᠃ ᠪᠠᠢ᠌ᠭᠤᠯᠤᠯᠲᠠ ᠵᠢᠨ ᠬᠡᠪ ᠨᠠᠮᠪᠠᠭ᠎ᠠ ᠵᠢᠨ ᠲᠠᠯ᠎ᠠ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠰᠦᠯᠵᠢᠶᠡᠨ᠎ᠤ ᠰᠤᠪᠠᠭ᠂ ᠪᠤᠯᠤᠩ ᠪᠠ ᠮᠡᠷᠭᠡᠵᠢᠯ᠎ᠤᠨ ᠪᠣᠯᠵᠣᠯᠲᠤ ᠲᠣᠭ᠎ᠠ ᠵᠡᠷᠭᠡ ᠠᠭᠤᠯᠭ᠎ᠠ ᠵᠢ ᠲᠣᠭᠲᠠᠭ᠋ᠠᠵᠤ᠂ ᠰᠦᠯᠵᠢᠶᠡᠨ᠎ᠤ ᠪᠠᠢ᠌ᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠵᠤ᠂ ᠠᠭᠤᠯᠭ᠎ᠠ ᠵᠢ᠎ᠨᠢ ᠮᠡᠳᠡᠭᠡᠯᠡᠯ ᠨᠡᠢ᠌ᠲᠡᠯᠡᠯ᠂ ᠵᠠᠰᠠᠭ᠎ᠤᠨ ᠣᠷᠳᠣᠨ᠎ᠤ ᠮᠡᠳᠡᠭᠡ ᠵᠠᠩᠭᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠴᠢᠯᠡᠭᠡ ᠵᠡᠷᠭᠡ 10 ᠬᠡᠰᠡᠭ ᠵᠶ᠋ᠡᠷ ᠪᠦᠷᠢᠯᠳᠦᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠣᠩᠭᠣᠯ ᠬᠡᠯᠡᠨ᠎ᠤ ᠰᠦᠯᠵᠢᠶᠡᠨ᠎ᠤ ᠬᠣᠯᠪᠣᠭ᠋ᠠᠨ᠎ᠳᠤ ᠣᠷᠣᠭᠤᠯᠤᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠣᠢ᠌ᠯᠭ᠋ᠠᠬᠤ ᠮᠥᠷᠲᠡᠭᠡᠨ ᠮᠣᠩᠭᠣᠯ ᠦᠭᠡ ᠬᠡᠯᠡ ᠦᠰᠦᠭ ᠪᠢᠴᠢᠭ ᠵᠶ᠋ᠠᠨ ᠨᠡᠪᠲᠡᠷᠬᠡᠢ ᠡᠵᠡᠮᠰᠢᠭᠰᠡᠨ ᠲᠤᠰᠬᠠᠢ ᠮᠡᠷᠭᠡᠵᠢᠯ᠎ᠤᠨ ᠬᠥᠮᠥᠰ᠎ᠢ ᠤᠷᠢᠨ ᠠᠯᠪᠠᠨ ᠵᠢᠷᠤᠮ᠎ᠤᠨ ᠬᠢᠨᠠᠯᠲᠠ ᠲᠠᠯᠪᠢᠭᠴᠢ ᠪᠣᠯᠭ᠋ᠠᠨ᠂ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠨᠡᠢ᠌ᠲᠡᠯᠡᠭᠰᠡᠨ ᠠᠭᠤᠯᠭ᠎ᠠ᠎ᠳᠤ ᠬᠢᠨᠠᠨ ᠬᠠᠷᠭᠤᠭᠤᠯᠤᠯᠲᠠ ᠬᠢᠯᠭᠡᠵᠦ᠂ ᠨᠡᠢ᠌ᠲᠡᠯᠡᠭᠰᠡᠨ ᠠᠭᠤᠯᠭ᠎ᠠ ᠵᠢᠨ ᠵᠶ᠋ᠠᠨ ᠵᠥᠪ ᠣᠨᠣᠪᠴᠢᠲᠠᠢ ᠪᠠᠢ᠌ᠬᠤ ᠵᠢ ᠪᠠᠲᠤᠯᠠᠪᠠ᠃ ᠰᠦᠯᠵᠢᠶᠡᠨ᠎ᠤ ᠪᠠᠢ᠌ᠭᠤᠯᠤᠯᠲᠠ᠎ᠪᠠᠨ ᠣᠢ᠌ᠷ᠎ᠠ ᠵᠢᠨ ᠬᠤᠭᠤᠴᠠᠭ᠋ᠠᠨ᠎ᠤ ᠬᠠᠷᠠᠯᠲᠠ᠂ ᠳᠤᠮᠳᠠᠴᠢ ᠬᠤᠭᠤᠴᠠᠭ᠋ᠠᠨ᠎ᠤ ᠬᠠᠷᠠᠯᠲᠠ ᠪᠠ ᠤᠷᠲᠤ ᠬᠤᠭᠤᠴᠠᠭ᠋ᠠᠨ᠎ᠤ ᠬᠠᠷᠠᠯᠲᠠ ᠭᠡᠬᠦ ᠭᠤᠷᠪᠠᠨ ᠬᠤᠭᠤᠴᠠᠭ᠋ᠠᠨ᠎ᠤ ᠬᠠᠷᠠᠯᠲᠠ ᠬᠤᠪᠢᠶᠠᠬᠤ ᠪᠠᠢ᠌ᠭᠤᠯᠤᠯᠲᠠ ᠵᠢᠨ ᠲᠥᠯᠥᠪᠵᠢᠭᠦᠯᠭᠡ ᠲᠣᠭᠲᠠᠭ᠋ᠠᠵᠤ᠂ ᠥᠪᠥᠷ ᠮᠣᠩᠭᠣᠯ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠥᠪᠡᠷᠮᠢᠴᠡ ᠣᠨᠴᠠᠯᠢᠭ᠎ᠢ ᠭᠦᠢ᠍ᠴᠡᠳ ᠢᠯᠡᠷᠡᠭᠦᠯᠦᠭᠰᠡᠨ ᠮᠣᠩᠭᠣᠯ ᠬᠡᠯᠡᠨ᠎ᠤ ᠲᠤᠰᠬᠠᠢ ᠪᠣᠯᠣᠩ᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠵᠤ᠂ ᠦᠨᠳᠦᠰᠦᠲᠡᠨ᠎ᠤ ᠰᠣᠶᠣᠯ᠎ᠢ ᠬᠥᠭᠵᠢᠭᠦᠯᠬᠦ᠎ᠳᠤ ᠦᠵᠡᠭᠦᠯᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠎ᠪᠠᠷ ᠪᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠨᠡᠪᠲᠡᠷᠡᠭᠦᠯᠦᠨ ᠠᠵᠢᠯᠯᠠᠭᠤᠯᠬᠤ ᠬᠤᠷᠠᠯ᠎ᠤᠨ ᠲᠤᠬᠠᠢ ᠵᠢᠨ ᠲᠠᠯᠠᠪᠤᠷ


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠲ᠋ᠡᠳ᠋ ᠲᠣᠭᠣᠷᠢᠨ ᠪᠠᠢ᠌ᠴᠠᠭ᠋ᠠᠴᠢ ᠵᠠᠩ ᠱᠦ᠍ ᠯᠢ ᠦᠭᠡ ᠶᠠᠷᠢᠵᠤ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠲᠥᠪ᠎ᠤᠨ ᠡᠷᠬᠢᠯᠡᠭᠴᠢ ᠠᠶᠤᠩᠭ᠎ᠠ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠮᠣᠩᠭᠣᠯ ᠬᠡᠯᠡᠨ᠎ᠤ ᠬᠡᠪᠯᠡᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠪᠠᠢ᠌ᠭᠤᠯᠤᠯᠲᠠ ᠵᠢᠨ ᠪᠠᠢ᠌ᠳᠠᠯ᠎ᠢ ᠲᠠᠨᠢᠯᠴᠠᠭᠤᠯᠵᠤ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠶᠢᠨ ᠱᠦ᠍ ᠭᠠᠩ ᠬᠤᠷᠠᠯ ᠡᠷᠬᠢᠯᠡᠵᠦ ᠪᠠᠢ᠌ᠨ᠎ᠠ


ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ ᠨᠠᠷ ᠮᠣᠩᠭᠣᠯ ᠬᠡᠯᠡᠨ᠎ᠤ ᠬᠡᠪᠯᠡᠯ᠎ᠤᠨ ᠰᠦᠯᠵᠢᠶᠡᠨ᠎ᠤ ᠠᠯᠪᠠᠨ ᠵᠢᠷᠤᠮ᠎ᠤᠨ ᠬᠢᠨᠠᠯᠲᠠ ᠲᠠᠯᠪᠢᠭᠴᠢ᠎ᠳᠤ ᠤᠷᠢᠯᠭ᠎ᠠ ᠵᠢᠨ ᠪᠢᠴᠢᠭ ᠭᠠᠷᠳᠠᠭᠤᠯᠵᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠥ᠋ ᠰᠢᠶᠤᠤ ᠯᠢᠨ᠄ ᠰᠡᠳᠬᠢᠯ ᠵᠢᠷᠦᠬᠡᠨ᠎ᠳᠤ ᠤᠶᠠᠩᠭ᠋ᠠᠷᠠᠬᠰᠠᠨ ᠲᠡᠯ᠎ᠡ ᠨᠤᠳᠤᠭ᠎ᠤᠨ ᠲᠠᠭᠤᠤ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
 
             蒙ICP备05000248号