ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠪᠡ
ᠨᠡᠶ᠋ᠢᠲᠡᠯᠡᠭᠰᠡᠨ ᠴᠠᠭ᠄ 2018-11-27

        ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠰᠠᠢ᠌ᠵᠢᠷᠠᠭᠤᠯᠬᠤ ᠵᠢᠨ ᠲᠥᠯᠥᠭᠡ᠂ 11 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠤᠨ ᠪᠠᠢ᠌ᠩᠭᠤ ᠵᠢᠨ ᠳᠡᠳ᠋ ᠱᠦᠵᠢ ᠭᠤᠤ ᠬᠤᠢ ᠭᠤᠸᠠᠩ᠎ᠢ ᠤᠷᠢᠵᠤ 《ᠪᠠᠢ᠌ᠭᠤᠯᠭ᠎ᠠ ᠵᠢᠨ ᠨᠠᠮ᠎ᠤᠨ ᠠᠵᠢᠯ᠎ᠢ ᠰᠠᠢ᠌ᠲᠤᠷ ᠬᠢᠰᠦᠭᠡᠢ》 ᠭᠡᠬᠦ ᠲᠤᠰᠬᠠᠢ ᠰᠡᠳᠦᠪ ᠵᠶ᠋ᠡᠷ ᠲᠠᠢ᠌ᠯᠤᠮᠵᠢ ᠬᠢᠯᠭᠡᠵᠡᠢ᠃
      ᠭᠤᠤ ᠬᠤᠢ ᠭᠤᠸᠠᠩ ᠱᠦᠵᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠨᠠᠮ᠎ᠤᠨ ᠪᠠᠢ᠌ᠭᠤᠯᠤᠯᠲᠠ᠎ᠲᠠᠢ ᠬᠣᠯᠪᠣᠭᠳᠠᠯ ᠪᠦᠬᠦᠢ ᠭᠣᠣᠯ ᠵᠣᠷᠢᠭ ᠰᠠᠨᠠᠭ᠎ᠠ ᠪᠠ ᠨᠠᠮ᠎ᠤᠨ ᠳᠦᠷᠢᠮ᠎ᠳᠤ ᠵᠠᠰᠠᠪᠤᠷᠢ ᠣᠷᠣᠭᠤᠯᠤᠭᠰᠠᠨ ᠲᠤᠬᠠᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ᠂ ᠪᠠᠢ᠌ᠭᠤᠯᠭ᠎ᠠ ᠵᠢᠨ ᠨᠠᠮ᠎ᠤᠨ ᠠᠵᠢᠯ᠎ᠨᠢ ᠡᠷᠬᠡᠪᠰᠢ ᠰᠢ ᠵᠢᠨ ᠫᠢᠩ᠎ᠤᠨ ᠰᠢᠨ᠎ᠡ ᠴᠠᠭ᠎ᠠ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠡᠪᠰᠡᠭᠯᠡᠨ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠠᠳᠬᠤᠬᠤ ᠬᠡᠷᠡᠭᠲᠡᠢ ᠭᠡᠵᠦ ᠤᠯᠠᠮ ᠨᠢᠭᠡ ᠠᠯᠬᠤᠮ ᠲᠣᠭ᠋ᠠᠴᠢᠨ ᠥᠭᠦᠯᠡᠪᠡ; ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠤᠯᠭ᠎ᠠ᠂ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠪᠠ ᠨᠠᠮ᠎ᠤᠨ ᠡᠭᠦᠷ ᠭᠡᠬᠦ ᠭᠤᠷᠪᠠᠨ ᠲᠠᠯ᠎ᠠ᠎ᠠᠴᠠ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠡᠭᠦᠷᠭᠡ ᠵᠢ ᠪᠣᠳᠠᠲᠠᠢ᠎ᠪᠠᠨ ᠲᠣᠭ᠋ᠠᠴᠢᠨ ᠥᠭᠦᠯᠡᠪᠡ; ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠂ ᠰᠤᠷᠤᠯᠴᠠᠯᠭ᠎ᠠ ᠬᠥᠮᠥᠵᠢᠯ᠂ ᠨᠠᠮ᠎ᠤᠨ ᠡᠭᠦᠷ᠎ᠤᠨ ᠠᠵᠢᠯ᠎ᠤᠨ ᠠᠷᠭ᠎ᠠ᠎ᠳᠤ ᠣᠷᠣᠰᠢᠵᠤ ᠪᠠᠢ᠌ᠭ᠎ᠠ ᠪᠣᠳᠠᠲᠠᠢ ᠠᠰᠠᠭᠤᠳᠠᠯ᠎ᠤᠨ ᠲᠣᠭᠣᠷᠢᠨ᠎ᠳᠤ᠂ ᠬᠡᠷᠡᠭ᠎ᠤᠨ ᠵᠢᠱ᠌ᠢᠶ᠎ᠡ᠎ᠳᠤ ᠵᠠᠳᠠᠯᠤᠯᠲᠠ ᠬᠢᠬᠦ᠂ ᠦᠢ᠍ᠯᠡᠳᠦᠯᠭᠡ᠎ᠪᠠᠷ ᠠᠵᠢᠯᠯᠠᠭᠤᠯᠬᠤ ᠵᠡᠷᠭᠡ ᠲᠠᠯ᠎ᠠ᠎ᠪᠠᠷ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠳᠤ ᠰᠠᠨᠠᠯ ᠪᠠ ᠱᠠᠭ᠋ᠠᠷᠳᠠᠯᠭ᠎ᠠ ᠳᠤᠷᠠᠳᠪᠠ᠃ ᠬᠢᠴᠢᠶᠡᠯ ᠲᠠᠢ᠌ᠯᠤᠮᠵᠢ ᠵᠢᠨ ᠠᠭᠤᠯᠭ᠎ᠠ᠎ᠨᠢ ᠪᠠᠶᠠᠯᠢᠭ᠂ ᠭᠣᠣᠯ ᠰᠡᠳᠦᠪ᠎ᠨᠢ ᠲᠣᠪᠣᠢ᠌ᠮ᠎ᠠ᠂ ᠤᠯᠤᠰ ᠲᠥᠷᠥ ᠵᠢᠨ ᠵᠣᠭᠰᠣᠴᠠ᠎ᠨᠢ ᠥᠨᠳᠥᠷ᠂ ᠦᠵᠡᠯ ᠰᠠᠨᠠᠭ᠋ᠠᠨ᠎ᠤ ᠠᠭᠤᠯᠤᠭᠳᠠᠬᠤᠨ᠎ᠨᠢ ᠭᠦᠨ ᠪᠠᠢ᠌ᠵᠤ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠬᠤᠯᠠ ᠴᠢᠨᠠᠷ᠎ᠤᠨ ᠲᠤᠬᠠᠢ ᠲᠠᠨᠢᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ ᠪᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠳᠠᠷᠤᠭ᠎ᠠ ᠵᠠᠩ ᠬᠤᠢ ᠢᠦᠢ ᠲᠠᠢ᠌ᠯᠤᠮᠵᠢ ᠵᠢ ᠡᠷᠬᠢᠯᠡᠭᠰᠡᠨ᠎ᠤ ᠬᠠᠮᠲᠤ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠱᠠᠭ᠋ᠠᠷᠳᠠᠯᠭ᠎ᠠ ᠳᠤᠷᠠᠳᠴᠤ᠂ ᠣᠯᠠᠨ ᠵᠶ᠋ᠠᠷ ᠵᠶ᠋ᠠᠨ ᠬᠠᠷᠢᠭᠤᠴᠠᠯᠭ᠎ᠠ᠎ᠪᠠᠨ ᠲᠣᠳᠣᠷᠬᠠᠢ ᠲᠠᠨᠢᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠪᠣᠳᠠᠲᠠᠢ᠌ᠵᠢᠭᠤᠯᠬᠤ ᠬᠡᠷᠡᠭᠲᠡᠢ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠣᠪᠣᠢ᠌ᠯᠭ᠋ᠠᠨ᠂ ᠨᠠᠮ᠎ᠤᠨ ᠡᠭᠦᠷ᠎ᠤᠨ ᠵᠣᠬᠢᠶᠠᠨ ᠪᠠᠢ᠌ᠭᠤᠯᠤᠯᠲᠠ ᠵᠢᠨ ᠬᠦᠴᠦᠨ᠎ᠢ ᠦᠨᠡᠨ ᠬᠦ᠌ ᠴᠢᠩᠭ᠋ᠠᠷᠠᠭᠤᠯᠬᠤ ᠬᠡᠷᠡᠭᠲᠡᠢ; ᠬᠠᠷᠢᠯᠴᠠᠨ ᠰᠢᠮᠳᠠᠭᠤᠯᠤᠨ ᠬᠠᠮᠲᠤ᠎ᠪᠠᠷ ᠤᠷᠤᠭᠰᠢᠯᠠᠵᠤ᠂ ᠨᠠᠮ᠎ᠤᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠪᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠷᠣᠭᠤᠯᠤᠯᠲᠠ ᠵᠢᠨ ᠺᠣᠮᠫᠠᠨᠢ ᠵᠢᠨ ᠳᠤᠮᠳᠠ ᠳᠡᠰ᠎ᠠᠴᠠ ᠳᠡᠭᠡᠭᠰᠢᠬᠢ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠲᠠᠢ᠌ᠯᠤᠮᠵᠢ ᠵᠢ ᠰᠣᠨᠣᠰᠴᠠᠢ᠃


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠣᠶᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠭ᠎ᠠ ᠵᠢᠴᠢ ᠲᠤᠰᠬᠠᠢ ᠰᠡᠳᠦᠪ ᠵᠶ᠋ᠡᠷ ᠬᠠᠪᠰᠤᠷᠤᠨ ᠵᠢᠯᠣᠭᠣᠳᠬᠤ ᠲᠠᠢ᠌ᠯᠤᠮᠵᠢ ᠡᠷᠬᠢᠯᠡᠨ ᠶᠠᠪᠤᠭᠳᠠᠭᠤᠯᠵᠤ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠤᠨ ᠪᠠᠢ᠌ᠩᠭᠤ ᠵᠢᠨ ᠳᠡᠳ᠋ ᠱᠦᠵᠢ ᠭᠤᠤ ᠬᠤᠢ ᠭᠤᠸᠠᠩ 《ᠪᠠᠢ᠌ᠭᠤᠯᠭ᠎ᠠ ᠵᠢᠨ ᠨᠠᠮ᠎ᠤᠨ ᠠᠵᠢᠯ᠎ᠢ ᠰᠠᠢ᠌ᠲᠤᠷ ᠬᠢᠰᠦᠭᠡᠢ》 ᠭᠡᠬᠦ ᠲᠤᠰᠬᠠᠢ ᠰᠡᠳᠦᠪ ᠵᠶ᠋ᠡᠷ ᠲᠠᠢ᠌ᠯᠤᠮᠵᠢ ᠬᠢᠵᠦ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠳᠠᠷᠤᠭ᠎ᠠ ᠵᠠᠩ ᠬᠤᠢ ᠢᠦᠢ ᠲᠠᠢ᠌ᠯᠤᠮᠵᠢ ᠵᠢ ᠡᠷᠬᠢᠯᠡᠵᠦ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠳᠤᠷᠢᠳᠤᠯᠭ᠎ᠠ ᠨᠠᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠷᠣᠭᠤᠯᠤᠯᠲᠠ ᠵᠢᠨ ᠺᠣᠮᠫᠠᠨᠢ ᠵᠢᠨ ᠳᠤᠮᠳᠠ ᠳᠡᠰ᠎ᠠᠴᠠ ᠳᠡᠭᠡᠭᠰᠢᠬᠢ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠲᠠᠢ᠌ᠯᠤᠮᠵᠢ ᠵᠢ ᠰᠣᠨᠣᠰᠴᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
 
             蒙ICP备05000248号