ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠨᠡᠶ᠋ᠢᠲᠡᠯᠡᠭᠰᠡᠨ ᠴᠠᠭ᠄ 2018-11-27

      11 ᠳ᠋ᠦ᠍ᠭᠡᠷ ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠪᠤᠭᠤᠲᠤ ᠬᠣᠲᠠᠨ᠎ᠳᠤ ᠶᠠᠪᠤᠭᠳᠠᠪᠠ᠃ ᠡᠨᠡ ᠬᠦ᠌ ᠠᠵᠢᠯᠯᠠᠭ᠎ᠠ᠎ᠨᠢ ᠪᠦᠬᠦ ᠨᠡᠢ᠌ᠭᠡᠮ᠎ᠤᠨ ᠬᠦᠴᠦᠨ᠎ᠢ ᠳᠠᠢ᠌ᠴᠢᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠳᠦᠮᠡᠯ ᠹᠷᠣᠨᠲ᠎ᠢ ᠪᠠᠢ᠌ᠭᠤᠯᠵᠤ᠂ ᠠᠷᠠᠳ᠎ᠤᠨ ᠳᠤᠮᠳᠠᠬᠢ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠪᠦᠯᠬᠦᠮ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠠᠬᠢ ᠦᠢ᠍ᠯᠡᠳᠦᠯ᠎ᠢ ᠪᠠᠳᠠᠷᠠᠭᠤᠯᠵᠤ᠂ ᠥᠪᠥᠷ ᠮᠣᠩᠭᠣᠯ᠎ᠤᠨ ᠡᠨᠡ ᠬᠦ᠌ ᠬᠡᠰᠡᠭ ᠪᠣᠬᠢᠷᠲᠤᠯ ᠦᠭᠡᠢ ᠭᠠᠵᠠᠷ᠎ᠢ ᠬᠠᠮᠲᠤ᠎ᠪᠠᠷ ᠰᠠᠢ᠌ᠲᠤᠷ ᠰᠠᠬᠢᠨ ᠬᠠᠮᠠᠭ᠋ᠠᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠬᠠᠪᠰᠤᠷᠤᠨ ᠠᠬᠢᠭᠤᠯᠬᠤ᠎ᠳᠤ ᠪᠠᠲᠤ ᠴᠢᠩᠭ᠎ᠠ ᠤᠬᠠᠭᠤᠯᠭ᠎ᠠ ᠬᠥᠮᠥᠵᠢᠯ᠎ᠤᠨ ᠪᠡᠬᠢᠯᠡᠯᠲᠡ ᠵᠢ ᠪᠠᠢ᠌ᠭᠤᠯᠵᠤ᠂ ᠬᠤᠪᠢ ᠨᠡᠮᠡᠷᠢ ᠦᠵᠡᠭᠦᠯᠬᠦ᠎ᠪᠠᠷ ᠵᠣᠷᠢᠯᠲᠠ᠎ᠪᠠᠨ ᠪᠣᠯᠭ᠋ᠠᠭᠰᠠᠨ ᠶᠤᠮ᠃
      ᠲᠤᠰ ᠤᠳᠠᠭ᠋ᠠᠨ᠎ᠤ ᠬᠡᠯᠡᠯᠴᠡᠭᠡᠷ᠎ᠢ ᠲᠣᠭᠲᠠᠭ᠋ᠠᠭᠰᠠᠨ᠎ᠤ ᠳᠠᠷᠠᠭ᠎ᠠ᠂ ᠬᠣᠶᠠᠷ ᠲᠠᠯ᠎ᠠ᠎ᠪᠠᠷ ᠵᠶ᠋ᠠᠨ ᠥᠪᠡᠷ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠤᠨ᠂ ᠣᠯᠠᠨ ᠲᠦᠮᠡᠨ᠎ᠤ ᠨᠡᠭᠡᠭᠡᠯᠲᠡ᠂ ᠨᠡᠢ᠌ᠭᠡᠮ᠎ᠤᠨ ᠤᠬᠠᠭᠤᠯᠭ᠎ᠠ ᠬᠥᠮᠥᠵᠢᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠵᠠᠭᠤᠴᠢᠯᠠᠭᠤᠷ ᠵᠡᠷᠭᠡ ᠲᠠᠯ᠎ᠠ᠎ᠪᠠᠷ᠎ᠬᠢ ᠰᠣᠯᠢᠯᠴᠠᠭ᠎ᠠ ᠬᠢᠭᠡᠳ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠪᠣᠯᠣᠨ᠎ᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠭᠡᠷ᠎ᠡ ᠲᠣᠭᠲᠠᠬᠤ ᠶᠣᠰᠣᠯᠠᠯ ᠳᠡᠭᠡᠷ᠎ᠡ ᠵᠢᠭ᠋ᠠᠬᠤ᠎ᠳᠤ᠎ᠪᠠᠨ᠂ ᠲᠤᠰ ᠤᠳᠠᠭ᠎ᠠ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠥᠷᠨᠢᠭᠦᠯᠬᠦ᠎ᠳᠤ᠎ᠪᠠᠨ᠂ ᠳᠠᠪᠠᠭᠤᠯᠢᠭ ᠵᠶ᠋ᠠᠷ ᠵᠶ᠋ᠠᠨ ᠬᠠᠷᠢᠯᠴᠠᠨ ᠨᠥᠬᠥᠪᠦᠷᠢᠯᠡᠨ᠂ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠢ ᠴᠢᠩᠭ᠋ᠠᠳᠬᠠᠬᠤ ᠵᠢ ᠪᠠᠷᠢᠮᠲᠠᠯᠠᠭᠰᠠᠨ᠎ᠨᠢ᠂ ᠬᠣᠶᠠᠷ ᠲᠠᠯ᠎ᠠ ᠵᠢᠨ᠎ᠬᠢᠨ᠎ᠤ ᠥᠪᠡᠷ ᠥᠪᠡᠷ᠎ᠤᠨ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ᠎ᠪᠠᠨ ᠰᠠᠭᠤᠷᠢᠯᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠠᠯᠤᠰ ᠬᠡᠳᠦ ᠵᠢᠨ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠪᠠᠢ᠌ᠳᠠᠭ᠃ ᠠᠮᠢ ᠠᠬᠤᠢ ᠵᠢᠨ ᠪᠣᠯᠪᠠᠰᠤᠨ᠎ᠨᠢ ᠬᠠᠮᠲᠤ᠎ᠪᠠᠷ ᠪᠠᠢ᠌ᠭᠤᠯᠤᠨ ᠬᠠᠮᠲᠤ᠎ᠳᠤ᠎ᠪᠠᠨ ᠬᠦᠷᠲᠡᠬᠦ ᠵᠢ ᠱᠠᠭ᠋ᠠᠷᠳᠠᠨ᠂ ᠪᠣᠬᠢᠷᠲᠤᠯ ᠦᠭᠡᠢ ᠬᠥᠭᠵᠢᠯᠲᠡ᠎ᠨᠢ ᠪᠦᠬᠦ ᠠᠷᠠᠳ ᠵᠶ᠋ᠠᠷ ᠵᠶ᠋ᠠᠨ ᠠᠬᠢᠭᠤᠯᠬᠤ ᠵᠢ ᠱᠠᠭ᠋ᠠᠷᠳᠠᠵᠤ ᠪᠠᠢ᠌ᠳᠠᠭ᠂ ᠡᠭᠦᠨ᠎ᠠᠴᠠ ᠬᠣᠢ᠌ᠰᠢᠳᠠ ᠵᠢᠨ ᠠᠵᠢᠯ᠎ᠳᠤ᠂ ᠬᠠᠮᠲᠤᠷᠠᠯᠴᠠᠭ᠋ᠠᠨ᠎ᠤ ᠬᠣᠶᠠᠷ ᠲᠠᠯ᠎ᠠ᠎ᠪᠠᠷ ᠵᠶ᠋ᠠᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ ᠵᠢᠨ ᠶᠡᠬᠡ ᠲᠠᠯ᠎ᠠ᠎ᠳᠤ ᠢᠳᠡᠪᠬᠢᠲᠡᠢ ᠰᠠᠭᠤᠷᠢᠯᠠᠨ᠂ ᠠᠮᠢ ᠠᠬᠤᠢ ᠵᠢᠨ ᠪᠣᠯᠪᠠᠰᠤᠨ᠎ᠤ ᠭᠣᠣᠯᠯᠠᠬᠤ ᠳᠠᠭᠤᠨ᠎ᠢ ᠰᠠᠢ᠌ᠲᠤᠷ ᠳᠠᠮᠵᠢᠭᠤᠯᠵᠤ᠂ ᠨᠣᠮᠢᠨ ᠤᠰᠤ ᠨᠣᠭᠣᠭ᠋ᠠᠨ ᠠᠭᠤᠯᠠ ᠵᠢ ᠰᠠᠬᠢᠨ ᠬᠠᠮᠠᠭ᠋ᠠᠯᠠᠵᠤ᠂ ᠭᠠᠷ ᠭᠠᠷ ᠵᠶ᠋ᠠᠨ ᠬᠣᠯᠪᠣᠯᠴᠠᠨ᠂ ᠬᠠᠮᠲᠤ᠎ᠪᠠᠷ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠪᠠᠢ᠌ᠭᠤᠯᠬᠤ ᠵᠢ ᠬᠦᠰᠡᠵᠦ ᠪᠠᠢ᠌ᠨ᠎ᠠ ᠭᠡᠵᠡᠢ᠃
     2019 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠶᠡᠬᠡ ᠳᠡᠭᠡᠳᠦ ᠰᠤᠷᠭ᠋ᠠᠭᠤᠯᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠪᠦᠯᠬᠦᠮ᠎ᠢ ᠶᠡᠬᠡ ᠬᠦᠴᠦᠨ ᠵᠶ᠋ᠡᠷ ᠲᠡᠳᠬᠦᠨ ᠳᠡᠮᠵᠢᠵᠦ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠣᠯᠪᠣᠭ᠎ᠠ ᠪᠠ ᠶᠡᠬᠡ ᠳᠡᠭᠡᠳᠦ ᠰᠤᠷᠭ᠋ᠠᠭᠤᠯᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠲᠡ ᠵᠢᠨ ᠠᠰᠠᠷᠠᠮᠵᠢ ᠵᠢᠨ ᠨᠡᠢ᠌ᠭᠡᠮ᠎ᠤᠨ ᠪᠦᠯᠬᠦᠮ᠎ᠤᠨ ᠬᠣᠯᠪᠣᠭ᠎ᠠ ᠵᠢ ᠪᠠᠢ᠌ᠭᠤᠯᠤᠨ᠂ ᠪᠠᠭ᠎ᠠ ᠲᠣᠭ᠋ᠠᠨ᠎ᠤ ᠪᠡᠯᠡ ᠮᠥᠩᠭᠥ᠎ᠪᠠᠷ ᠲᠤᠰᠠᠯᠠᠬᠤ᠂ ᠵᠣᠬᠢᠶᠠᠨ ᠪᠠᠢ᠌ᠭᠤᠯᠤᠨ ᠪᠣᠯᠪᠠᠰᠤᠷᠠᠭᠤᠯᠬᠤ᠂ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠶᠡᠬᠡ ᠳᠡᠭᠡᠳᠦ ᠰᠤᠷᠭ᠋ᠠᠭᠤᠯᠢ ᠵᠢᠨ ᠨᠡᠢ᠌ᠭᠡᠮ᠎ᠤᠨ ᠪᠦᠯᠬᠦᠮ᠎ᠤᠨ ᠡᠮᠬᠢ ᠵᠢᠷᠤᠮ᠎ᠲᠠᠢ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠵᠢᠨ ᠬᠠᠮᠲᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠣᠯᠪᠣᠭ᠋ᠠᠯᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠌ᠨ ᠳᠤᠷᠠᠴᠤᠳ᠎ᠤᠨ ᠪᠦᠯᠬᠦᠮ ᠨᠡᠢ᠌ᠲᠡ ᠵᠢ ᠪᠠᠢ᠌ᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠠᠵᠢᠯ᠎ᠳᠤ ᠣᠷᠣᠯᠴᠠᠬᠤ ᠵᠣᠷᠢᠭ ᠬᠦᠰᠡᠯ᠎ᠲᠠᠢ ᠰᠠᠢ᠌ᠨ ᠳᠤᠷᠠᠴᠤᠳ᠎ᠢ ᠵᠢᠷᠤᠮᠵᠢᠯ᠎ᠲᠠᠢ᠎ᠪᠠᠷ ᠳᠠᠩᠰᠠᠯᠠᠨ ᠬᠠᠮᠢᠶᠠᠷᠴᠤ᠂ ᠬᠠᠮᠲᠤᠷᠠᠭᠰᠠᠨ ᠬᠦᠴᠦᠨ᠎ᠢ ᠪᠦᠷᠢᠯᠳᠦᠭᠦᠯᠦᠨ᠂ ᠲᠡᠭᠦᠨ᠎ᠤ ᠨᠡᠢ᠌ᠭᠡᠮ᠎ᠤᠨ ᠨᠥᠯᠥᠭᠡᠯᠡᠬᠦ ᠬᠦᠴᠦᠨ ᠪᠠ ᠪᠦᠲᠦᠭᠡᠯᠴᠢ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ᠃
      ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠨᠢ ᠪᠣᠯᠣᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ ᠪᠣᠯ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠲᠥᠯᠥᠪᠯᠡᠭᠡ ᠪᠠ ᠦᠢ᠍ᠯᠡᠴᠢᠯᠡᠭᠡ ᠬᠢᠬᠦ ᠵᠡᠷᠭᠡ ᠲᠠᠯ᠎ᠠ ᠵᠢᠨ ᠠᠵᠤ ᠠᠬᠤᠢ᠌ᠯᠠᠯ᠎ᠤᠨ ᠰᠠᠢ᠌ᠨ ᠳᠤᠷᠠᠴᠤᠳ ᠵᠶ᠋ᠠᠷ ᠪᠦᠷᠢᠯᠳᠦᠵᠦ᠂ ᠨᠡᠢ᠌ᠭᠡᠮ᠎ᠤᠨ ᠪᠦᠯᠬᠦᠮ᠎ᠤᠨ ᠬᠠᠤᠯᠢ ᠵᠢᠨ ᠡᠷᠬᠡᠲᠡᠨ᠎ᠤ ᠬᠢᠷᠢ ᠭᠡᠮ ᠪᠦᠬᠦᠢ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠥᠮᠴᠢᠯᠡᠯ᠎ᠤᠨ ᠳᠦᠷᠢᠮ ᠠᠯᠤᠰᠯᠠᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ ᠲᠥᠷᠥᠯ᠎ᠤᠨ ᠦᠢ᠍ᠯᠡᠴᠢᠯᠡᠭᠡ ᠵᠢᠨ ᠵᠣᠬᠢᠶᠠᠨ ᠪᠠᠢ᠌ᠭᠤᠯᠤᠯᠲᠠ ᠪᠣᠯᠣᠨ᠎ᠠ᠃ ᠲᠡᠭᠦᠨ᠎ᠤ ᠵᠣᠷᠢᠯᠲᠠ ᠪᠣᠯ ᠦᠷᠭᠦᠯᠵᠢᠯᠡᠬᠦᠢ᠌ᠴᠡ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠲᠣᠭᠣᠷᠢᠨ᠎ᠳᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠵᠦ᠂ ᠣᠯᠠᠨ ᠲᠦᠮᠡᠨ ᠪᠠ ᠨᠡᠢ᠌ᠭᠡᠮ᠎ᠤᠨ᠎ᠬᠢᠨ᠎ᠤ ᠣᠷᠴᠢᠨ ᠲᠣᠭᠣᠷᠢᠨ᠎ᠤ ᠡᠷᠬᠡ ᠠᠰᠢᠭ᠎ᠢ ᠬᠠᠮᠠᠭ᠋ᠠᠯᠠᠨ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠶᠡᠬᠡ ᠬᠠᠷᠠᠯᠲᠠ᠂ ᠶᠡᠬᠡ ᠣᠷᠴᠢᠨ ᠲᠣᠭᠣᠷᠢᠨ᠂ ᠶᠡᠬᠡ ᠬᠣᠯᠪᠣᠭ᠋ᠠᠯᠠᠯ》᠎ᠤᠨ ᠵᠣᠬᠢᠶᠠᠨ ᠪᠠᠢ᠌ᠭᠤᠯᠤᠯᠲᠠ ᠵᠢᠨ ᠳᠠᠪᠠᠭᠤᠯᠢᠭ᠎ᠢ ᠭᠦᠢ᠍ᠴᠡᠳ ᠢᠯᠡᠷᠡᠭᠦᠯᠵᠦ᠂ ᠵᠠᠰᠠᠭ᠎ᠤᠨ ᠣᠷᠳᠣᠨ ᠬᠢᠭᠡᠳ ᠠᠵᠤ ᠠᠬᠤᠢ᠌ᠯᠠᠯ᠎ᠤᠨ ᠬᠣᠭᠣᠷᠣᠨᠳᠤᠬᠢ ᠬᠥᠭᠥᠷᠭᠡ ᠪᠠ ᠬᠣᠯᠪᠣᠭ᠋ᠠᠰᠤ ᠵᠢᠨ ᠦᠢ᠍ᠯᠡᠳᠦᠯ᠎ᠢ ᠪᠠᠳᠠᠷᠠᠭᠤᠯᠵᠤ᠂ ᠡᠷᠭᠢᠯᠳᠡᠳᠤ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠦᠷᠭᠦᠯᠵᠢᠯᠡᠬᠦᠢ᠌ᠴᠡ ᠬᠥᠭᠵᠢᠯᠲᠡ ᠵᠢᠨ ᠵᠠᠮ ᠵᠶ᠋ᠠᠷ ᠵᠠᠮᠨᠠᠨ᠎ᠠ᠃
      ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ ᠬᠠᠮᠢᠶ᠎ᠠ ᠪᠦᠬᠦᠢ ᠠᠵᠢᠯᠲᠠᠳ ᠶᠠᠷᠢᠯᠴᠠᠨ ᠰᠣᠯᠢᠯᠴᠠᠵᠤ᠂ ᠬᠣᠶᠠᠷ ᠲᠠᠯ᠎ᠠ᠎ᠪᠠᠷ ᠵᠶ᠋ᠠᠨ ᠬᠠᠮᠲᠤᠷᠠᠯᠴᠠᠬᠤ ᠶᠠᠪᠤᠳᠠᠯ ᠵᠢᠴᠢ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠢ ᠰᠣᠯᠢᠯᠴᠠᠬᠤ ᠦᠭᠡ ᠶᠠᠷᠢᠵᠠᠢ᠃


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ ᠬᠢᠭᠡᠳ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠭᠡᠷ᠎ᠡ ᠲᠣᠭᠲᠠᠬᠤ ᠶᠣᠰᠣᠯᠠᠯ ᠪᠤᠭᠤᠲᠤ ᠬᠣᠲᠠᠨ᠎ᠳᠤ ᠶᠠᠪᠤᠭᠳᠠᠵᠤ ᠪᠠᠢ᠌ᠨ᠎ᠠ


ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠦᠭᠡ ᠶᠠᠷᠢᠵᠤ ᠪᠠᠢ᠌ᠨ᠎ᠠ


ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ ᠲᠥᠷᠥᠯ᠎ᠤᠨ ᠨᠡᠢ᠌ᠭᠡᠮᠯᠢᠭ᠎ᠤᠨ ᠳᠠᠷᠤᠭ᠎ᠠ ᠬᠠᠨ ᠢᠦᠢ ᠴᠤᠤ ᠦᠭᠡ ᠶᠠᠷᠢᠵᠤ ᠪᠠᠢ᠌ᠨ᠎ᠠ


ᠬᠣᠶᠠᠷ ᠲᠠᠯ᠎ᠠ᠎ᠪᠠᠷ ᠵᠶ᠋ᠠᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠵᠤ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠤᠬᠠᠭᠤᠯᠭ᠎ᠠ ᠬᠥᠮᠥᠵᠢᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠶᠡᠷᠦᠩᠬᠡᠢ ᠡᠭᠦᠷ (ᠨᠠᠮ᠎ᠤᠨ ᠡᠭᠦᠷ)᠎ᠤᠨ ᠱᠦᠵᠢ ᠵᠢᠨ ᠨᠠᠮᠴᠢ ᠴᠢᠨᠠᠷ᠎ᠤᠨ ᠬᠥᠮᠥᠵᠢᠯ ᠪᠠ ᠴᠢᠳᠠᠪᠤᠷᠢ ᠵᠢᠨ ᠳᠡᠭᠡᠭᠰᠢᠯᠡᠯᠲᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
 
             蒙ICP备05000248号