ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠶᠡᠬᠡ᠎ᠪᠠᠷ ᠠᠬᠢᠭᠤᠯᠤᠨ᠂ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠬᠥᠮᠥᠵᠢᠯ᠎ᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠪᠦᠬᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠣᠷᠣᠯᠴᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 29᠎ᠤ ᠡᠳᠦᠷ᠂ 2 ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠣᠷᠴᠢᠨ ᠲᠣᠭᠣᠷᠢᠨ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠨᠢᠷᠤᠭᠤᠪᠴᠢ ᠬᠦᠴᠦᠨ᠎ᠤ ᠪᠣᠯᠪᠠᠰᠤᠷᠠᠯ᠎ᠤᠨ ᠠᠩᠭᠢ ᠪᠤᠭᠤᠲᠤ ᠬᠣᠲᠠ᠎ᠳᠤ ᠡᠬᠢᠯᠡᠪᠡ᠃ ᠪᠦᠬᠦ ᠣᠷᠣᠨ᠎ᠤ ᠡᠯ᠎ᠡ ᠠᠢ᠌ᠮᠠᠭ ᠬᠣᠲᠠ᠎ᠠᠴᠠ ᠢᠷᠡᠭᠰᠡᠨ ᠤᠬᠠᠭᠤᠯᠭ᠎ᠠ ᠬᠥᠮᠥᠵᠢᠯ᠎ᠢ ᠬᠠᠷᠢᠭᠤᠴᠠᠭᠴᠢ ᠠᠵᠢᠯᠲᠠᠳ᠂ ᠣᠷᠴᠢᠨ ᠲᠣᠭᠣᠷᠢᠨ᠎ᠤ ᠨᠥᠬᠥᠷᠰᠡᠭ ᠰᠤᠷᠭ᠋ᠠᠭᠤᠯᠢ᠂ ᠠᠮᠢ ᠠᠬᠤᠢ ᠵᠢᠨ ᠰᠤᠷᠭ᠋ᠠᠭᠤᠯᠢ᠂ ᠣᠷᠴᠢᠨ ᠲᠣᠭᠣᠷᠢᠨ᠎ᠤ ᠬᠥᠮᠥᠵᠢᠯ᠎ᠤᠨ ᠰᠠᠭᠤᠷᠢᠨ ᠭᠠᠵᠠᠷ᠂ ᠪᠠᠢ᠌ᠭ᠋ᠠᠯᠢ ᠵᠢᠨ ᠰᠤᠷᠭ᠋ᠠᠭᠤᠯᠢ ᠵᠢᠨ ᠭᠣᠣᠯ ᠬᠠᠷᠢᠭᠤᠴᠠᠯᠭ᠋ᠠᠲᠠᠳ ᠵᠠᠭᠤ ᠣᠷᠴᠢᠮ ᠬᠥᠮᠥᠨ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠡᠷᠬᠢᠯᠡᠭᠴᠢ ᠪᠠᠢ ᡁᠢ ᠹᠧᠩ ᠠᠩᠭᠢ ᠡᠬᠢᠯᠡᠬᠦ ᠶᠣᠰᠣᠯᠠᠯ ᠳᠡᠭᠡᠷ᠎ᠡ ᠦᠭᠡ ᠬᠡᠯᠡᠵᠦ᠂ ᠳᠡᠳ᠋ ᠡᠷᠬᠢᠯᠡᠭᠴᠢ ᠭᠦᠸᠧ ᠷᠦᠢ ᠴᠢᠩ ᠠᠩᠭᠢ ᠡᠬᠢᠯᠡᠬᠦ ᠶᠣᠰᠣᠯᠠᠯ᠎ᠢ ᠡᠷᠬᠢᠯᠡᠪᠡ᠃
ᠲᠤᠰ ᠤᠳᠠᠭ᠋ᠠᠨ᠎ᠤ ᠪᠣᠯᠪᠠᠰᠤᠷᠠᠯ᠎ᠨᠢ ᠨᠡᠢ᠌ᠲᠡ 《ᠠᠮᠢ ᠠᠬᠤᠢ ᠵᠢᠨ ᠣᠷᠴᠢᠨ ᠲᠣᠭᠣᠷᠢᠨ᠎ᠤ ᠠᠬᠤᠢ ᠪᠠᠢ᠌ᠳᠠᠯ ᠳᠣᠣᠷᠠᠬᠢ ᠣᠷᠴᠢᠨ ᠲᠣᠭᠣᠷᠢᠨ᠎ᠤ ᠬᠥᠮᠥᠵᠢᠯ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠣᠳᠣᠬᠢ ᠪᠠᠢ᠌ᠳᠠᠯ ᠬᠢᠭᠡᠳ ᠡᠭᠦᠷᠭᠡ》᠂ 《ᠪᠠᠢ᠌ᠭ᠋ᠠᠯᠢ ᠵᠢᠨ ᠬᠥᠮᠥᠵᠢᠯ᠎ᠤᠨ ᠬᠠᠷᠭᠤᠭᠤᠯᠤᠭᠰᠠᠨ ᠳᠡᠪᠲᠡᠷ᠎ᠤᠨ ᠬᠢᠴᠢᠶᠡᠯ᠎ᠤᠨ ᠨᠡᠭᠡᠭᠡᠨ ᠬᠥᠭᠵᠢᠭᠦᠯᠦᠯᠲᠡ》᠂ 《ᠣᠷᠴᠢᠨ ᠲᠣᠭᠣᠷᠢᠨ᠎ᠤ ᠬᠥᠮᠥᠵᠢᠯ᠎ᠤᠨ ᠬᠥᠳᠡᠯᠭᠡᠭᠡᠨ᠎ᠤ ᠲᠥᠯᠥᠪᠯᠡᠭᠡ》 ᠵᠢᠴᠢ ᠲᠤᠷᠰᠢᠯᠭ᠎ᠠ᠎ᠪᠠᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠬᠠᠢ ᠵᠢᠨ ᠭᠠᠵᠠᠷ᠎ᠲᠤᠨᠢ ᠪᠡᠶᠡᠴᠢᠯᠡᠨ ᠣᠢ᠌ᠯᠭ᠋ᠠᠬᠤ ᠵᠡᠷᠭᠡ ᠠᠭᠤᠯᠭ᠎ᠠ ᠵᠢ ᠪᠠᠭᠲᠠᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠪᠦᠬᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠣᠷᠣᠯᠴᠠᠬᠤ ᠵᠢ ᠰᠠᠨᠠᠭ᠋ᠠᠴᠢᠯᠠᠨ᠂ ᠣᠯᠠᠨ ᠲᠦᠮᠡᠨ ᠵᠶ᠋ᠠᠷ ᠵᠶ᠋ᠠᠨ ᠪᠠᠢ᠌ᠭ᠋ᠠᠯᠢ᠎ᠲᠠᠢ ᠠᠭᠤᠰᠤᠯᠴᠠᠨ᠂ ᠪᠠᠢ᠌ᠭ᠋ᠠᠯᠢ ᠵᠢ ᠤᠬᠠᠵᠤ ᠮᠡᠳᠡᠷᠡᠬᠦ ᠰᠠᠢ᠌ᠨ ᠰᠠᠢ᠌ᠬᠠᠨ ᠬᠦᠰᠡᠯ ᠡᠷᠡᠮᠡᠯᠵᠡᠯ ᠵᠶ᠋ᠠᠨ ᠪᠡᠶᠡᠯᠡᠭᠦᠯᠬᠦ ᠵᠢ ᠵᠣᠷᠢᠵᠠᠢ᠃
ᠪᠠᠢ ᡁᠢ ᠹᠧᠩ ᠶᠠᠷᠢᠶᠠᠨ᠎ᠳᠤ᠎ᠪᠠᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠨᠢ ᠮᠠᠨ᠎ᠤ ᠬᠥᠮᠥᠨ ᠨᠢᠭᠡᠪᠦᠷᠢ᠎ᠲᠠᠢ ᠨᠢᠭᠲᠠ ᠬᠣᠯᠪᠣᠭᠳᠠᠵᠤ ᠪᠠᠢ᠌ᠬᠤ ᠪᠣᠯᠬᠣᠷ᠂ ᠬᠥᠮᠥᠨ ᠨᠢᠭᠡᠪᠦᠷᠢ ᠡᠷᠬᠡᠪᠰᠢ ᠤᠯᠠᠮᠵᠢᠯᠠᠭᠴᠢ᠂ ᠵᠠᠯᠭ᠋ᠠᠮᠵᠢᠯᠠᠭᠴᠢ᠂ ᠠᠬᠢᠭᠤᠯᠤᠭᠴᠢ ᠪᠣᠯᠬᠤ ᠬᠡᠷᠡᠭᠲᠡᠢ᠃ ᠣᠷᠴᠢᠨ ᠲᠣᠭᠣᠷᠢᠨ᠎ᠤ ᠬᠥᠮᠥᠵᠢᠯ᠎ᠤᠨ ᠠᠵᠢᠯ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ ᠠᠬᠢᠭᠤᠯᠬᠤ ᠴᠢᠬᠤᠯᠠ ᠨᠢᠭᠡᠨ ᠭᠣᠭᠴᠣᠭ᠎ᠠ ᠪᠠᠢ᠌ᠵᠤ᠂ ᠣᠷᠴᠢᠨ ᠲᠣᠭᠣᠷᠢᠨ᠎ᠤ ᠬᠥᠮᠥᠵᠢᠯ᠎ᠤᠨ ᠠᠵᠢᠯ᠎ᠢ ᠴᠢᠩᠭ᠋ᠠᠳᠬᠠᠬᠤ᠎ᠨᠢ ᠨᠢᠭᠡᠨ ᠡᠷᠬᠡᠪᠰᠢ ᠬᠢᠬᠦ ᠴᠢᠬᠤᠯᠠᠲᠠᠢ ᠠᠵᠢᠯ ᠪᠣᠯᠵᠠᠢ᠃ ᠬᠥᠮᠥᠨ ᠬᠢᠭᠡᠳ ᠪᠠᠢ᠌ᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ᠎ᠪᠠᠷ ᠣᠷᠣᠰᠢᠬᠤ ᠵᠢᠨ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠪᠣᠬᠢᠷᠲᠤᠯ ᠦᠭᠡᠢ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ; ᠲᠣᠬᠢᠶᠠᠯ᠎ᠢ ᠠᠳᠬᠤᠨ᠂ ᠡᠭᠦᠳᠦᠨ ᠪᠠᠢ᠌ᠭᠤᠯᠵᠤ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠪᠦᠬᠦ ᠣᠷᠣᠨ᠎ᠤ ᠡᠯ᠎ᠡ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ ᠬᠢᠭᠡᠳ ᠰᠤᠷᠭ᠋ᠠᠨ ᠬᠥᠮᠥᠵᠢᠯ᠎ᠤᠨ ᠰᠠᠯᠠᠭ᠎ᠠ ᠮᠥᠴᠢᠷ᠎ᠠᠴᠠ ᠶᠡᠬᠡ ᠬᠦᠴᠦᠨ ᠵᠶ᠋ᠡᠷ ᠵᠣᠬᠢᠴᠠᠭᠤᠯᠤᠨ ᠬᠠᠮᠵᠢᠯᠴᠠᠵᠤ᠂ ᠥᠪᠡᠷ ᠥᠪᠡᠷ᠎ᠤᠨ ᠳᠠᠪᠠᠭᠤᠯᠢᠭ ᠵᠶ᠋ᠠᠨ ᠪᠠᠳᠠᠷᠠᠭᠤᠯᠤᠨ᠂ ᠢᠳᠡᠪᠬᠢᠲᠡᠢ᠎ᠪᠠᠷ ᠰᠢᠨ᠎ᠡ ᠵᠢ ᠡᠭᠦᠳᠴᠦ᠂ ᠰᠠᠨᠠᠭ᠋ᠠᠴᠢᠯᠠᠭ᠎ᠠ᠎ᠠᠴᠠ᠎ᠪᠠᠨ ᠲᠠᠪᠴᠠᠩ ᠪᠠᠢ᠌ᠭᠤᠯᠵᠤ᠂ ᠬᠠᠮᠢᠶ᠎ᠠ ᠪᠦᠬᠦᠢ ᠲᠣᠭᠲᠠᠴᠠ ᠵᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠥᠮᠥᠵᠢᠯ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠥᠷᠨᠢᠩᠭᠦᠢ ᠬᠥᠭᠵᠢᠯᠲᠡ ᠵᠢ ᠬᠠᠮᠲᠤ᠎ᠪᠠᠷ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠠᠮᠢ ᠠᠬᠤᠢ ᠵᠢᠨ ᠰᠢᠰᠲ᠋ᠧᠮᠵᠢ ᠵᠢ ᠬᠠᠮᠲᠤ᠎ᠪᠠᠷ ᠪᠠᠢ᠌ᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠬᠠᠨᠳᠢᠪᠯᠠᠬᠤ ᠬᠡᠷᠡᠭᠲᠡᠢ ᠵᠢᠭ᠋ᠠᠵᠤ ᠭᠠᠷᠭ᠋ᠠᠪᠠ᠃
