ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-12-10

      《ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ》 ᠪᠠ 《ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ》᠎ᠤᠨ ᠬᠣᠯᠪᠣᠭᠳᠠᠯ ᠪᠦᠬᠦᠢ ᠵᠣᠷᠢᠭ ᠰᠠᠨᠠᠭ᠋ᠠᠨ᠎ᠤ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠰᠠᠭᠤᠳᠠᠯ᠎ᠢ ᠴᠡᠭᠴᠡᠯᠡᠨ ᠵᠠᠰᠠᠬᠤ ᠵᠢ ᠤᠯᠠᠮ ᠨᠢᠭᠡ ᠠᠯᠬᠤᠮ ᠠᠬᠢᠭᠤᠯᠤᠨ᠂ ᠳᠤᠯᠠᠭ᠋ᠠᠴᠠᠭᠤᠯᠬᠤ ᠬᠤᠭᠤᠴᠠᠭ᠋ᠠᠨ᠎ᠤ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ ᠬᠤᠷᠠᠯᠳᠤᠭᠤᠯᠵᠠᠢ᠃
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠬᠤᠷᠠᠯ᠎ᠢ ᠡᠷᠬᠢᠯᠡᠭᠰᠡᠨ᠎ᠤ ᠬᠠᠮᠲᠤ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠢᠯᠡᠷᠡᠭᠦᠯᠦᠭᠰᠡᠨ ᠭᠣᠣᠯᠳᠠᠯᠭ᠎ᠠ᠎ᠲᠠᠢ ᠠᠰᠠᠭᠤᠳᠠᠯ᠎ᠢ ᠵᠠᠷᠯᠠᠨ ᠮᠡᠳᠡᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠳᠤ ᠵᠠᠰᠠᠯᠲᠠ ᠬᠢᠬᠦ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠵᠠᠷᠯᠠᠨ ᠮᠡᠳᠡᠭᠡᠯᠡᠵᠡᠢ᠃
    ᠰᠢᠶᠠᠩ ᠳ᠋ᠦᠩ ᠵᠢᠭ᠋ᠠᠬᠤ᠎ᠳᠤ᠎ᠪᠠᠨ᠂ ᠡᠮᠦᠨ᠎ᠡ ᠨᠢᠭᠡ ᠬᠡᠰᠡᠭ ᠬᠤᠭᠤᠴᠠᠭ᠋ᠠᠨ᠎ᠤ ᠠᠵᠢᠯ᠎ᠤᠨ ᠪᠠᠢ᠌ᠳᠠᠯ᠎ᠠᠴᠠ ᠠᠪᠴᠤ ᠦᠵᠡᠪᠡᠯ᠂ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠰᠢᠪᠲᠤᠯᠤᠯᠲᠠ ᠵᠢᠨ ᠠᠵᠢᠯᠯᠠᠭ᠎ᠠ᠎ᠨᠢ ᠵᠢᠱ᠌ᠢᠭᠰᠡᠨ ᠬᠠᠷᠠᠯᠲᠠ᠎ᠳᠤ᠎ᠪᠠᠨ ᠬᠦᠷᠴᠦ᠂ ᠠᠮᠢᠳᠤᠯᠢᠭ ᠴᠢᠨᠠᠷ᠂ ᠵᠠᠩᠭᠢᠯᠠᠭ᠎ᠠ ᠵᠢ ᠬᠥᠨᠳᠡᠬᠦ ᠮᠠᠶᠢᠭ ᠵᠶ᠋ᠡᠷ ᠰᠢᠮᠳᠠᠭᠤᠯᠤᠨ ᠪᠠᠢ᠌ᠴᠠᠭ᠋ᠠᠬᠤ ᠠᠷᠭ᠎ᠠ ᠬᠡᠯᠪᠡᠷᠢ ᠵᠢ ᠬᠡᠷᠡᠭᠯᠡᠬᠦ᠎ᠪᠠᠷ ᠳᠠᠮᠵᠢᠭᠤᠯᠤᠨ᠂ ᠠᠢ᠌ᠮᠠᠭ ᠬᠣᠲᠠ ᠵᠢ ᠬᠠᠪᠰᠤᠷᠤᠨ ᠠᠰᠠᠭᠤᠳᠠᠯ᠎ᠢ᠎ᠨᠢ ᠢᠯᠡᠷᠡᠭᠦᠯᠵᠦ᠂ ᠠᠰᠠᠭᠤᠳᠠᠯ ᠵᠶ᠋ᠠᠨ ᠪᠦᠬᠦ ᠲᠠᠯ᠎ᠠ᠎ᠪᠠᠷ ᠴᠡᠭᠴᠡᠯᠡᠨ ᠵᠠᠰᠠᠬᠤ ᠵᠢ ᠰᠢᠮᠳᠠᠭᠤᠯᠤᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠵᠤ᠂ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠠᠢ᠌ᠵᠢᠷᠠᠭᠤᠯᠪᠠ ᠭᠡᠵᠡᠢ᠃
      ᠰᠢᠶᠠᠩ ᠳ᠋ᠦᠩ ᠴᠢᠬᠤᠯᠠᠴᠢᠯᠠᠬᠤ᠎ᠳᠤ᠎ᠪᠠᠨ᠂ ᠤᠯᠤᠰ ᠲᠥᠷᠥ ᠵᠢᠨ ᠵᠣᠭᠰᠣᠴᠠ᠎ᠪᠠᠨ ᠦᠷᠭᠦᠯᠵᠢᠯᠡᠨ ᠳᠡᠭᠡᠭᠰᠢᠯᠡᠭᠦᠯᠵᠦ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠪᠣᠢ ᠪᠣᠯᠭ᠋ᠠᠨ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠢᠯᠠᠯᠲᠠ ᠣᠯᠬᠤ᠎ᠪᠠᠷ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠬᠠᠷᠢᠭᠤᠴᠠᠯᠭ᠋ᠠᠲᠤ ᠣᠪᠣᠷ ᠪᠠ ᠪᠠᠴᠢᠮᠳᠠᠭᠤ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠪᠣᠳᠠᠲᠠᠢ ᠣᠪᠣᠷ ᠰᠤᠷᠲᠠᠯ ᠵᠶ᠋ᠠᠷ᠂ ᠪᠦᠬᠦ ᠬᠦᠴᠦᠨ ᠵᠶ᠋ᠡᠷ ᠵᠶ᠋ᠡᠨ ᠬᠦᠴᠢᠷ᠎ᠢ ᠳᠠᠪᠠᠨ ᠰᠢᠪᠲᠤᠯᠤᠯᠲᠠ ᠬᠢᠵᠦ᠂ ᠪᠦᠬᠦ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠬᠡᠷᠡᠭᠲᠡᠢ; ᠢᠮᠠᠭᠲᠠ ᠠᠰᠠᠭᠤᠳᠠᠯ᠎ᠢ ᠣᠨᠢᠯᠠᠨ᠂ ᠴᠡᠭᠴᠡᠯᠡᠨ ᠵᠠᠰᠠᠵᠤ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠦᠵᠡᠯ ᠰᠠᠨᠠᠭ᠎ᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠣᠪᠣᠢ᠌ᠯᠭ᠋ᠠᠨ᠂ ᠠᠰᠠᠭᠤᠳᠠᠯ᠎ᠤᠨ ᠡᠭᠦᠰᠦᠭᠰᠡᠨ ᠰᠢᠯᠲᠠᠭ᠋ᠠᠨ᠎ᠢ ᠬᠢᠨᠠᠮᠠᠭ᠋ᠠᠢ ᠵᠠᠳᠠᠯᠵᠤ᠂ ᠴᠡᠭᠴᠡᠯᠡᠨ ᠵᠠᠰᠠᠵᠤ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ ᠪᠣᠳᠠᠲᠠᠢ᠌ᠵᠢᠭᠤᠯᠬᠤ ᠬᠡᠷᠡᠭᠲᠡᠢ; ᠰᠢᠮᠳᠠᠭᠤᠯᠤᠨ ᠪᠠᠢ᠌ᠴᠠᠭ᠋ᠠᠬᠤ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠴᠢᠩᠭ᠋ᠠᠷᠠᠭᠤᠯᠵᠤ᠂ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠠᠢ᠌ᠮᠠᠭ ᠬᠣᠲᠠ᠎ᠯᠤᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠲᠤᠷᠰᠢᠯᠭ᠎ᠠ᠎ᠪᠠᠨ ᠬᠢᠨᠠᠮᠠᠭ᠋ᠠᠢ ᠳ᠋ᠦᠩᠨᠡᠵᠦ᠂ ᠰᠢᠮᠳᠠᠭᠤᠯᠤᠨ ᠪᠠᠢ᠌ᠴᠠᠭ᠋ᠠᠬᠤ ᠠᠷᠭ᠎ᠠ ᠬᠡᠮᠵᠢᠶ᠎ᠡ᠎ᠪᠠᠨ ᠨᠡᠩ ᠣᠨᠣᠪᠴᠢᠲᠠᠢ᠂ ᠨᠡᠩ ᠨᠠᠷᠢᠯᠢᠭ᠂ ᠪᠠᠷᠢᠮᠵᠢᠶ᠎ᠠ᠎ᠪᠠᠨ ᠨᠡᠩ ᠴᠢᠩᠭ᠎ᠠ᠂ ᠨᠡᠩ ᠥᠨᠳᠥᠷ᠂ ᠡᠷᠴᠢᠮ ᠵᠶ᠋ᠡᠨ ᠨᠡᠩ ᠶᠡᠬᠡ᠂ ᠨᠡᠩ ᠪᠣᠳᠠᠲᠠᠢ ᠪᠣᠯᠭ᠋ᠠᠬᠤ ᠬᠡᠷᠡᠭᠲᠡᠢ ᠭᠡᠵᠡᠢ᠃
      ᠰᠢᠶᠠᠩ ᠳ᠋ᠦᠩ ᠱᠠᠭ᠋ᠠᠷᠳᠠᠬᠤ᠎ᠳᠤ᠎ᠪᠠᠨ᠂ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠬᠤ᠎ᠳᠤ᠎ᠪᠠᠨ ᠭᠣᠣᠯᠳᠠᠯᠭ᠎ᠠ᠎ᠲᠠᠢ᠎ᠪᠠᠷ ᠳᠣᠣᠷᠠᠬᠢ ᠬᠡᠳᠦᠨ ᠲᠠᠯ᠎ᠠ᠎ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠨᠢᠭᠡ᠎ᠳᠤ᠂ ᠭᠣᠣᠯᠳᠠᠯᠭ᠎ᠠ ᠵᠢ ᠲᠣᠪᠣᠢ᠌ᠯᠭ᠋ᠠᠨ᠂ ᠴᠡᠭ ᠵᠶ᠋ᠡᠷ ᠲᠠᠯ᠎ᠠ ᠵᠢ ᠳᠠᠭ᠋ᠠᠭᠤᠯᠬᠤ ᠬᠡᠷᠡᠭᠲᠡᠢ; ᠬᠣᠶᠠᠷ᠎ᠲᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠵᠢ ᠴᠢᠷᠮᠠᠢ᠌ᠨ ᠣᠯᠬᠤ ᠬᠡᠷᠡᠭᠲᠡᠢ; ᠭᠤᠷᠪᠠ᠎ᠳᠤ᠂ ᠵᠠᠩᠭᠢᠯᠠᠭ᠎ᠠ ᠵᠢ ᠣᠨᠢᠯᠠᠵᠤ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠬᠡᠷᠡᠭᠲᠡᠢ; ᠳᠥᠷᠪᠡ᠎ᠳᠤ᠂ ᠪᠠᠷᠢᠮᠲᠠ ᠳᠠᠩᠰᠠ ᠭᠠᠷᠭ᠋ᠠᠵᠤ᠂ ᠨᠠᠷᠢᠨ ᠬᠠᠭᠤᠳᠠᠰᠤ᠎ᠪᠠᠷ ᠬᠠᠮᠢᠶᠠᠷᠬᠤ ᠬᠡᠷᠡᠭᠲᠡᠢ; ᠲᠠᠪᠤ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠲᠤᠯᠭ᠋ᠠᠭᠤᠷᠢᠯᠠᠵᠤ᠂ ᠠᠷᠭ᠎ᠠ ᠠᠪᠴᠢᠯ᠎ᠳᠤ᠎ᠪᠠᠨ ᠰᠢᠨ᠎ᠡ ᠵᠢ ᠡᠭᠦᠳᠬᠦ ᠬᠡᠷᠡᠭᠲᠡᠢ; ᠵᠢᠷᠭᠤᠭ᠎ᠠ᠎ᠳᠤ᠂ ᠶᠠᠷᠢᠶ᠎ᠠ ᠬᠡᠯᠡᠯᠴᠡᠭᠡ ᠵᠢ ᠬᠥᠲᠥᠯᠵᠦ᠂ ᠴᠠᠭ ᠲᠤᠬᠠᠢ᠎ᠳᠤ᠎ᠨᠢ ᠬᠠᠷᠢᠭᠤ ᠲᠤᠰᠬᠠᠬᠤ ᠬᠡᠷᠡᠭᠲᠡᠢ; ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠬᠤ ᠴᠢᠬᠤᠯᠠ ᠶᠡᠬᠡ ᠤᠯᠤᠰ ᠲᠥᠷᠥ ᠵᠢᠨ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠠᠰᠠᠭᠤᠳᠠᠯ᠎ᠢ ᠰᠢᠢ᠍ᠳᠪᠦᠷᠢᠯᠡᠬᠦ ᠰᠢᠪᠲᠤᠯᠤᠯᠲᠠ ᠵᠢᠨ ᠴᠢᠳᠠᠪᠤᠷᠢ᠎ᠪᠠᠨ ᠦᠨᠡᠨ ᠬᠦ᠌ ᠴᠢᠩᠭ᠋ᠠᠷᠠᠭᠤᠯᠤᠨ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠤᠢ᠌ᠯ᠎ᠤᠨ ᠣᠨᠣᠪᠴᠢᠲᠠᠢ᠎ᠪᠠᠷ ᠬᠦᠴᠦᠯᠡᠵᠦ᠂ ᠬᠣᠲᠠ ᠲᠣᠭᠣᠷᠢᠭ ᠬᠣᠯᠪᠣᠭ᠋ᠠᠯᠠᠨ ᠬᠥᠳᠡᠯᠦᠯᠴᠡᠵᠦ᠂ ᠬᠠᠷᠢᠭᠤᠴᠠᠯᠭ᠎ᠠ᠎ᠪᠠᠨ ᠨᠡᠩ ᠰᠠᠢ᠌ᠲᠤᠷ ᠪᠣᠳᠠᠲᠠᠢ᠌ᠵᠢᠭᠤᠯᠤᠨ ᠴᠢᠩᠭ᠋ᠠᠳᠬᠠᠵᠤ᠂ ᠠᠵᠢᠯ ᠵᠶ᠋ᠠᠨ ᠠᠬᠢᠭᠤᠯᠤᠨ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠰᠢᠭᠤᠷᠬᠠᠢ᠎ᠪᠠᠷ ᠣᠯᠬᠤ ᠬᠡᠷᠡᠭᠲᠡᠢ ᠭᠡᠵᠡᠢ᠃
      ᠬᠤᠷᠠᠯ ᠳᠡᠭᠡᠷ᠎ᠡ᠂ ᠥᠪᠡᠷᠲᠡᠭᠡᠨ   ᠵᠠᠰᠠᠬᠤ   ᠣᠷᠣᠨ᠎ᠤ   ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ᠂ ᠳᠤᠮᠳᠠ ᠬᠡᠰᠡᠭ᠂ ᠪᠠᠷᠠᠭᠤᠨ ᠬᠡᠰᠡᠭ᠎ᠤᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠬᠤ ᠲᠥᠪ᠎ᠠᠴᠠ ᠡᠮᠦᠨ᠎ᠡ 3 ᠡᠭᠡᠯᠵᠢ ᠵᠢᠨ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠲᠤᠰ ᠲᠤᠰ ᠬᠠᠷᠢᠭᠤ ᠮᠡᠳᠡᠭᠦᠯᠵᠦ᠂ ᠬᠥᠬᠡᠬᠣᠲᠠ᠂ ᠪᠤᠭᠤᠲᠤ ᠬᠣᠲᠠ ᠵᠢᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠠᠴᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠬᠤ᠎ᠳᠤ ᠬᠠᠮᠵᠢᠯᠴᠠᠬᠤ ᠵᠢᠴᠢ ᠳᠠᠮᠵᠢᠭᠤᠯᠤᠨ ᠭᠦᠢ᠍ᠴᠡᠳᠬᠡᠯᠭᠡᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠬᠢᠬᠦ ᠲᠤᠬᠠᠢ ᠦᠭᠡ ᠶᠠᠷᠢᠵᠠᠢ᠃

    ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠩᠭ᠋ᠠᠷᠠᠭᠤᠯᠬᠤ᠎ᠪᠠᠷ ᠰᠢᠮᠳᠠᠭᠤᠯᠤᠨ ᠪᠠᠢ᠌ᠴᠠᠭ᠋ᠠᠭᠰᠠᠨ ᠠᠵᠢᠯ᠎ᠤᠨ ᠪᠠᠢ᠌ᠳᠠᠯ᠎ᠢ ᠮᠡᠳᠡᠭᠡᠯᠡᠨ ᠨᠡᠪᠲᠡᠷᠡᠭᠦᠯᠬᠦ ᠬᠤᠷᠠᠯ᠎ᠢ ᠬᠤᠷᠠᠯᠳᠤᠭᠤᠯᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠰᠢᠶᠠᠩ ᠳ᠋ᠦᠩ ᠶᠠᠷᠢᠶ᠎ᠠ ᠲᠠᠯᠪᠢᠵᠤ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠴᠢᠩ ᠸᠧᠨ ᠬᠤᠷᠠᠯ᠎ᠢ ᠡᠷᠬᠢᠯᠡᠭᠰᠡᠨ᠎ᠤ ᠬᠠᠮᠲᠤ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠢᠯᠡᠷᠡᠭᠦᠯᠦᠭᠰᠡᠨ ᠭᠣᠣᠯᠳᠠᠯᠭ᠎ᠠ᠎ᠲᠠᠢ ᠠᠰᠠᠭᠤᠳᠠᠯ᠎ᠢ ᠵᠠᠷᠯᠠᠨ ᠮᠡᠳᠡᠭᠡᠯᠡᠵᠦ ᠪᠠᠢ᠌ᠨ᠎ᠠ


      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠲᠣᠭᠣᠷᠢᠨ ᠪᠠᠢ᠌ᠴᠠᠭ᠋ᠠᠭᠴᠢ ᠵᠠᠩ ᠱᠦ᠍ ᠯᠢ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠳᠤ ᠵᠠᠰᠠᠯᠲᠠ ᠬᠢᠬᠦ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠵᠠᠷᠯᠠᠨ ᠮᠡᠳᠡᠭᠡᠯᠡᠵᠦ ᠪᠠᠢ᠌ᠨ᠎ᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠲᠢᠩᠬᠢᠮ᠎ᠤᠨ ᠰᠢᠰᠲ᠋ᠧᠮ᠎ᠤᠨ᠎ᠬᠢᠨ᠎ᠤ ᠨᠠᠮ᠎ᠤᠨ ᠶᠡᠷᠦᠩᠬᠡᠢ ᠡᠭᠦᠷ (ᠨᠠᠮ᠎ᠤᠨ ᠡᠭᠦᠷ)᠎ᠤᠨ ᠱᠦᠵᠢ ᠵᠢᠨ ᠨᠠᠮᠴᠢ ᠴᠢᠨᠠᠷ᠎ᠤᠨ ᠬᠥᠮᠥᠵᠢᠯ ᠪᠠ ᠴᠢᠳᠠᠪᠤᠷᠢ ᠵᠢᠨ ᠳᠡᠭᠡᠭᠰᠢᠯᠡᠯᠲᠡ ᠵᠢᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ ᠥᠷᠲᠡᠭᠡ ᠬᠢᠭᠡᠳ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠵᠢᠩᠬᠢᠨᠢ᠎ᠪᠠᠷ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠬᠡᠷᠡᠭᠵᠢᠭᠦᠯᠬᠦ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠪᠠ
《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢ ᠨᠠᠢ᠌ᠷᠠᠭᠤᠯᠤᠨ ᠵᠣᠬᠢᠶᠠᠵᠤ ᠨᠣᠣᠷᠠᠭ ᠲᠣᠭᠲᠠᠭ᠋ᠠᠬᠤ ᠬᠤᠷᠠᠯ ᠪᠤᠭᠤᠲᠤ᠎ᠳᠤ ᠤᠷᠤᠭᠰᠢᠲᠠᠢ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠡᠯᠭᠡᠯᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠮᠡᠳᠡᠭᠦᠯᠦᠯᠲᠡ ᠵᠢᠨ ᠶᠡᠬᠡ ᠬᠤᠷᠠᠯ᠎ᠢ ᠬᠤᠷᠠᠯᠳᠤᠭᠤᠯᠪᠠ
 
             蒙ICP备05000248号