《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ 2019 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠤᠯᠠᠮ ᠨᠢᠭᠡ ᠠᠯᠬᠤᠮ ᠰᠤᠷᠤᠯᠴᠠᠨ ᠤᠬᠠᠭᠤᠯᠬᠤ ᠵᠢᠨ ᠲᠤᠰᠠᠳᠠ᠂ 12 ᠳ᠋ᠤᠭ᠋ᠠᠷ ᠰᠠᠷ᠎ᠠ ᠵᠢᠨ 12᠎ᠤᠨ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠵᠥᠪᠯᠡᠯ ᠬᠣᠯᠪᠣᠭ᠋ᠠᠯᠠᠵᠤ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠬᠡᠷᠡᠭᠵᠢᠭᠦᠯᠬᠦ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠯᠢ ᠷᠦᠩ ᠰᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠳ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠤᠷ᠎ᠲᠤ ᠬᠤᠷᠠᠯ᠎ᠤᠨ ᠠᠭᠤᠯᠭ᠎ᠠ ᠵᠢ ᠰᠣᠨᠣᠰᠴᠠᠢ᠃

ᠠᠮᠢ ᠠᠬᠤᠢ ᠣᠷᠴᠢᠨ ᠲᠣᠭᠣᠷᠢᠨ᠎ᠤ ᠶᠠᠮᠤᠨ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠬᠡᠷᠡᠭᠵᠢᠭᠦᠯᠬᠦ ᠶᠠᠷᠢᠯᠴᠠᠭ᠋ᠠᠨ᠎ᠤ ᠬᠤᠷᠠᠯ᠎ᠢ ᠬᠤᠷᠠᠯᠳᠤᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠳᠡᠳ᠋ ᠡᠷᠬᠢᠯᠡᠭᠴᠢ ᠯᠢ ᠷᠦᠩ ᠰᠢ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠳᠦᠷᠢᠮ᠎ᠤᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠳ ᠥᠪᠥᠷ ᠮᠣᠩᠭᠣᠯ᠎ᠤᠨ ᠬᠤᠪᠢᠶᠠᠷᠢ ᠬᠤᠷᠠᠯ᠎ᠤᠨ ᠲᠠᠯᠠᠪᠤᠷ᠎ᠲᠤ ᠬᠤᠷᠠᠯ᠎ᠤᠨ ᠠᠭᠤᠯᠭ᠎ᠠ ᠵᠢ ᠰᠣᠨᠣᠰᠴᠤ ᠪᠠᠢ᠌ᠨ᠎ᠠ᠃