ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢ ᠨᠠᠢ᠌ᠷᠠᠭᠤᠯᠤᠨ ᠵᠣᠬᠢᠶᠠᠵᠤ ᠨᠣᠣᠷᠠᠭ ᠲᠣᠭᠲᠠᠭ᠋ᠠᠬᠤ ᠬᠤᠷᠠᠯ ᠪᠤᠭᠤᠲᠤ᠎ᠳᠤ ᠤᠷᠤᠭᠰᠢᠲᠠᠢ ᠶᠠᠪᠤᠭᠳᠠᠪᠠ
ᠨᠡᠶ᠋ᠢᠲᠡᠯᠡᠭᠰᠡᠨ ᠴᠠᠭ᠄ 2018-12-17

     2018 ᠣᠨ᠎ᠤ 12 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 7᠎ᠤ ᠡᠳᠦᠷ ᠪᠣᠯᠲᠠᠯ᠎ᠠ᠂ 《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢ ᠨᠠᠢ᠌ᠷᠠᠭᠤᠯᠤᠨ ᠵᠣᠬᠢᠶᠠᠵᠤ ᠨᠣᠣᠷᠠᠭ ᠲᠣᠭᠲᠠᠭ᠋ᠠᠬᠤ ᠬᠤᠷᠠᠯ ᠥᠪᠥᠷ ᠮᠣᠩᠭᠣᠯ᠎ᠤᠨ ᠪᠤᠭᠤᠲᠤ᠎ᠳᠤ ᠤᠷᠤᠭᠰᠢᠲᠠᠢ ᠶᠠᠪᠤᠭᠳᠠᠪᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠲᠥᠪ᠎ᠤᠨ ᠴᠥᠮ᠎ᠡ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠢᠭᠡᠳ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠬᠡᠯᠲᠡᠰ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ ᠵᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠨᠠᠢ᠌ᠷᠠᠭᠤᠯᠤᠨ ᠪᠢᠴᠢᠬᠦ ᠬᠥᠮᠥᠰ ᠨᠣᠣᠷᠠᠭ ᠲᠣᠭᠲᠠᠭ᠋ᠠᠬᠤ ᠬᠤᠷᠠᠯ᠎ᠳᠤ ᠣᠷᠣᠯᠴᠠᠵᠠᠢ᠃
      《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢᠨ ᠨᠠᠢ᠌ᠷᠠᠭᠤᠯᠤᠨ ᠵᠣᠬᠢᠶᠠᠬᠤ ᠠᠵᠢᠯ᠎ᠢ 2018 ᠣᠨ᠎ᠤ 2 ᠳ᠋ᠤᠭ᠋ᠠᠷ ᠰᠠᠷ᠎ᠠ᠎ᠳᠤ ᠡᠬᠢᠯᠡᠭᠦᠯᠵᠦ᠂ ᠴᠥᠮ᠎ᠡ ᠵᠢᠨ ᠮᠡᠷᠭᠡᠵᠢᠯ᠎ᠤᠨ ᠠᠰᠢᠭᠯᠠᠯᠲᠠ ᠵᠢᠨ ᠰᠠᠴᠤᠷᠠᠭ᠎ᠤᠨ ᠡᠨᠳᠡᠯ᠂ ᠰᠠᠴᠤᠷᠠᠮᠠᠬᠠᠢ ᠴᠢᠨᠠᠷᠲᠠᠢ ᠬᠠᠶᠠᠭᠳᠠᠮᠠᠯ ᠡᠳ᠋᠎ᠢ ᠰᠢᠢ᠍ᠳᠪᠦᠷᠢᠯᠡᠬᠦ ᠲᠣᠬᠢᠷᠠᠭᠤᠯᠬᠤ ᠬᠠᠳᠠᠭ᠋ᠠᠯᠠᠬᠤ ᠪᠡᠯᠡᠳᠬᠡᠮᠵᠢ ᠵᠢᠨ ᠰᠠᠴᠤᠷᠠᠭ᠎ᠤᠨ ᠡᠨᠳᠡᠯ᠂ ᠰᠠᠴᠤᠷᠠᠮᠠᠬᠠᠢ ᠴᠢᠨᠠᠷᠲᠠᠢ ᠪᠣᠳᠠᠰ᠎ᠢ ᠲᠡᠭᠡᠭᠡᠪᠦᠷᠢᠯᠡᠬᠦ ᠰᠠᠴᠤᠷᠠᠭ᠎ᠤᠨ ᠡᠨᠳᠡᠯ᠂ ᠦᠷᠡᠨ᠎ᠤ ᠠᠭᠤᠷᠬᠠᠢ ᠵᠢᠨ ᠬᠠᠢ᠌ᠯᠤᠮᠠᠯ᠎ᠤᠨ ᠰᠠᠴᠤᠷᠠᠭ᠎ᠤᠨ ᠡᠨᠳᠡᠯ᠂ ᠳᠠᠭ᠋ᠠᠯᠳᠤᠯ ᠠᠭᠤᠷᠬᠠᠢ ᠵᠢᠨ ᠰᠠᠴᠤᠷᠠᠭ᠎ᠤᠨ ᠡᠨᠳᠡᠯ᠂ ᠰᠠᠨᠰᠠᠷ᠎ᠤᠨ ᠠᠶᠠᠯᠠᠯ᠎ᠤᠨ ᠪᠠᠭ᠋ᠠᠵᠢ ᠵᠢᠨ ᠣᠢ᠌ᠴᠢᠭᠰᠠᠨ ᠰᠠᠴᠤᠷᠠᠭ᠎ᠤᠨ ᠡᠨᠳᠡᠯ᠂ ᠮᠠᠭᠤ ᠰᠠᠨᠠᠭ᠋ᠠᠨ᠎ᠤ ᠦᠢ᠍ᠯᠡ ᠠᠵᠢᠯᠯᠠᠭ᠎ᠠ ᠵᠢᠨ ᠰᠠᠴᠤᠷᠠᠭ᠎ᠤᠨ ᠡᠨᠳᠡᠯ ᠪᠠ ᠬᠢᠯᠢ ᠵᠢᠨ ᠭᠠᠳᠠᠨᠠᠬᠢ ᠴᠥᠮ᠎ᠡ ᠬᠢᠭᠡᠳ ᠰᠠᠴᠤᠷᠠᠭ᠎ᠤᠨ ᠡᠨᠳᠡᠯ ᠵᠡᠷᠭᠡ 56 ᠠᠬᠤᠢ ᠪᠠᠢ᠌ᠳᠠᠯ᠎ᠢ ᠲᠥᠰᠥᠭᠡᠯᠡᠨ ᠲᠥᠯᠥᠪᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠲᠥᠪ᠎ᠠᠴᠠ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠥᠷᠲᠡᠭᠡ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ᠎ᠤᠨ ᠣᠷᠴᠢᠨ ᠲᠣᠭᠣᠷᠢᠨ᠎ᠤ ᠬᠢᠨᠠᠯᠲᠠ ᠲᠠᠯᠪᠢᠬᠤ ᠥᠷᠲᠡᠭᠡ ᠵᠢ ᠵᠣᠬᠢᠶᠠᠨ ᠪᠠᠢ᠌ᠭᠤᠯᠵᠤ ᠪᠠᠢ᠌ᠭ᠋ᠠᠳ ᠬᠠᠮᠲᠤ᠎ᠪᠠᠷ ᠨᠠᠢ᠌ᠷᠠᠭᠤᠯᠤᠨ ᠵᠣᠬᠢᠶᠠᠵᠠᠢ᠃
      《ᠰᠠᠴᠤᠷᠠᠭ᠎ᠤᠨ ᠡᠨᠳᠡᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠵᠢᠨ ᠠᠬᠤᠢ ᠪᠠᠢ᠌ᠳᠠᠯ᠎ᠤᠨ ᠬᠡᠷᠡᠭ᠎ᠤᠨ ᠵᠢᠱ᠌ᠢᠶ᠎ᠡ ᠵᠢᠨ ᠬᠥᠮᠥᠷᠭᠡ》 ᠵᠢᠨ ᠨᠠᠢ᠌ᠷᠠᠭᠤᠯᠤᠨ ᠵᠣᠬᠢᠶᠠᠬᠤ ᠵᠢ ᠪᠡᠶᠡᠯᠡᠭᠦᠯᠬᠦ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠨ ᠭᠠᠷᠭ᠋ᠠᠭᠰᠠᠨ ᠴᠥᠮ᠎ᠡ ᠵᠢᠨ ᠠᠮᠤᠷ ᠲᠦᠪᠰᠢᠨ᠎ᠤ ᠦᠵᠡᠯᠲᠡ ᠵᠢ ᠭᠦᠨᠵᠡᠭᠡᠢ   ᠲᠤᠭᠤᠰᠢᠯᠠᠭᠤᠯᠤᠨ᠂ ᠤᠯᠤᠰ᠎ᠤᠨ   ᠶᠡᠷᠦᠩᠬᠡᠢ ᠠᠮᠤᠷ   ᠲᠦᠪᠰᠢᠨ᠎ᠤ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠦᠢ᠍ᠯᠡᠳᠦᠯᠭᠡᠵᠢᠭᠦᠯᠵᠦ᠂ ᠴᠥᠮ᠎ᠡ ᠬᠢᠭᠡᠳ ᠰᠠᠴᠤᠷᠠᠭ᠎ᠤᠨ ᠠᠮᠤᠷ ᠲᠦᠪᠰᠢᠨ᠎ᠤ ᠰᠢᠨ᠎ᠡ ᠴᠠᠭ᠎ᠤᠨ ᠪᠠᠢ᠌ᠳᠠᠯ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠯᠳᠤᠬᠤ ᠴᠢᠬᠤᠯᠠ ᠠᠷᠭ᠎ᠠ ᠬᠡᠮᠵᠢᠶ᠎ᠡ ᠪᠠᠢ᠌ᠵᠤ᠂ ᠡᠯ᠎ᠡ ᠮᠤᠵᠢ (ᠬᠣᠲᠠ᠂ ᠥᠪᠡᠷᠲᠡᠭᠡᠨ ᠵᠠᠰᠠᠬᠤ ᠣᠷᠣᠨ) ᠵᠢᠨ᠎ᠬᠢᠨ᠎ᠤ ᠰᠠᠴᠤᠷᠠᠭ᠎ᠤᠨ ᠡᠨᠳᠡᠯ᠎ᠤᠨ ᠰᠣᠷᠢᠯᠲᠠ ᠵᠢᠨ ᠠᠵᠢᠯ᠎ᠢ ᠥᠷᠨᠢᠭᠦᠯᠬᠦ᠎ᠳᠤ ᠶᠡᠬᠡ ᠬᠦᠴᠦᠨ ᠵᠶ᠋ᠡᠷ ᠵᠢᠯᠣᠭᠣᠳᠴᠤ᠂ ᠰᠣᠷᠢᠯᠲᠠ ᠵᠢ ᠵᠣᠬᠢᠶᠠᠨ ᠪᠠᠢ᠌ᠭᠤᠯᠬᠤ ᠬᠢᠭᠡᠳ ᠬᠠᠮᠢᠶᠠᠷᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠰᠣᠷᠢᠯᠲᠠ ᠬᠢᠭᠡᠳ ᠤᠷᠢᠶᠠᠯᠠᠨ ᠳᠠᠭ᠋ᠠᠬᠤ ᠠᠵᠢᠯ᠎ᠤᠨ ᠰᠢᠨ᠎ᠡ ᠦᠷ᠎ᠡ ᠪᠦᠲᠦᠮᠵᠢ ᠣᠯᠵᠤ᠂ ᠳᠠᠬᠢᠨ ᠰᠢᠨ᠎ᠡ ᠳᠡᠭᠲᠡᠷ᠎ᠲᠤ ᠭᠠᠷᠴᠤ᠂ ᠰᠢᠨ᠎ᠡ ᠰᠢᠪᠲᠤᠯᠤᠯᠲᠠ ᠵᠢ ᠪᠡᠶᠡᠯᠡᠭᠦᠯᠬᠦ ᠵᠢ ᠠᠬᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ᠎ᠤᠨ ᠣᠢ ᠵᠢ ᠪᠡᠯᠭᠡᠯᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠮᠡᠳᠡᠭᠦᠯᠦᠯᠲᠡ ᠵᠢᠨ ᠶᠡᠬᠡ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠠᠬᠢᠭᠤᠯᠬᠤ ᠬᠤᠷᠠᠯ᠎ᠢ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠣᠨ ᠵᠢᠯ᠎ᠤᠨ ᠮᠠᠭᠲᠠᠭ᠋ᠠᠯ》 ᠰᠢᠷᠢᠰ ᠦᠵᠡᠭᠦᠯᠭᠡ ᠵᠢᠨ ᠲᠣᠭᠯᠠᠯᠲᠠ᠎ᠳᠤ ᠰᠢᠨ᠎ᠡ ᠳᠦᠷᠢ ᠲᠥᠷᠬᠦ ᠵᠢ ᠢᠯᠡᠷᠡᠭᠦᠯᠪᠡ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠵᠢᠨ ᠣᠯᠠᠨ ᠨᠡᠢ᠌ᠲᠡ᠎ᠳᠤ ᠨᠡᠭᠡᠭᠡᠯᠲᠡ ᠬᠢᠬᠦ ᠠᠵᠢᠯᠯᠠᠭ᠎ᠠ᠎ᠨᠢ ᠠᠩᠬᠠᠳᠠᠭᠴᠢ ᠰᠠᠯᠠᠭ᠎ᠠ ᠠᠵᠤ ᠠᠬᠤᠢ᠌ᠯᠠᠯ᠎ᠤᠨ ᠪᠦᠯᠬᠦᠮ ᠨᠡᠢ᠌ᠲᠡ ᠵᠢ ᠤᠭᠲᠤᠨ ᠠᠪᠴᠤ ᠲᠣᠭᠣᠷᠢᠨ ᠦᠵᠡᠭᠦᠯᠪᠡ
 
             蒙ICP备05000248号