ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠢ ᠤᠯᠠᠮ ᠨᠢᠭᠡ ᠠᠯᠬᠤᠮ ᠠᠬᠢᠭᠤᠯᠬᠤ ᠵᠢᠨ ᠲᠤᠰᠠᠳᠠ᠂ 《ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ 2018 ᠣᠨ᠎ᠤ ᠪᠣᠯᠪᠠᠰᠤᠷᠠᠯ᠎ᠤᠨ ᠲᠥᠯᠥᠪᠯᠡᠭᠡ》 ᠵᠢ ᠦᠨᠳᠦᠰᠦᠯᠡᠵᠦ᠂ 2 ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ᠎ᠨᠢ 11 ᠳ᠋ᠦ᠍ᠭᠡᠷ ᠰᠠᠷ᠎ᠠ ᠵᠢᠨ 26᠎ᠤ ᠡᠳᠦᠷ ᠬᠥᠬᠡᠬᠣᠲᠠ᠎ᠳᠤ ᠡᠬᠢᠯᠡᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠵᠠᠩ ᠬᠤᠢ ᠢᠦᠢ ᠠᠩᠭᠢ ᠡᠬᠢᠯᠡᠬᠦ ᠶᠣᠰᠣᠯᠠᠯ᠎ᠳᠤ ᠣᠷᠣᠯᠴᠠᠭᠰᠠᠨ᠎ᠤ ᠬᠠᠮᠲᠤ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠶᠢᠨ ᠱᠦ᠍ ᠭᠠᠩ ᠠᠩᠭᠢ ᠡᠬᠢᠯᠡᠬᠦ ᠶᠣᠰᠣᠯᠠᠯ᠎ᠢ ᠡᠷᠬᠢᠯᠡᠪᠡ᠃
ᠵᠠᠩ ᠬᠤᠢ ᠢᠦᠢ ᠵᠢᠭ᠋ᠠᠬᠤ᠎ᠳᠤ᠎ᠪᠠᠨ᠂ ᠲᠤᠰ ᠤᠳᠠᠭ᠋ᠠᠨ᠎ᠤ ᠪᠣᠯᠪᠠᠰᠤᠷᠠᠯ᠎ᠤᠨ ᠭᠣᠣᠯ ᠡᠭᠦᠷᠭᠡ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ᠎ᠳᠤ ᠪᠦᠬᠦ ᠲᠠᠯ᠎ᠠ᠎ᠪᠠᠷ ᠰᠢᠰᠲ᠋ᠧᠮ᠎ᠲᠠᠢ ᠲᠠᠢ᠌ᠯᠤᠮᠵᠢ ᠬᠢᠵᠦ᠂ ᠲᠤᠷᠰᠢᠯᠭ᠎ᠠ ᠵᠢᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠥᠷᠭᠡᠨ ᠣᠯᠠᠨ ᠺᠠᠳ᠋ᠷ᠎ᠤᠨ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠢᠬᠤᠯᠠ ᠴᠢᠨᠠᠷ᠂ ᠪᠠᠴᠢᠮᠳᠠᠭᠤ ᠴᠢᠨᠠᠷ᠎ᠤᠨ ᠲᠤᠬᠠᠢ ᠲᠠᠨᠢᠯᠲᠠ ᠵᠢ᠎ᠨᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠨ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠪᠣᠢ ᠪᠣᠯᠭ᠋ᠠᠬᠤ ᠶᠠᠪᠤᠳᠠᠯ ᠪᠣᠯᠣᠨ᠎ᠠ ᠭᠡᠵᠡᠢ᠃
ᠵᠠᠩ ᠬᠤᠢ ᠢᠦᠢ ᠱᠠᠭ᠋ᠠᠷᠳᠠᠬᠤ᠎ᠳᠤ᠎ᠪᠠᠨ᠂ ᠳᠠᠷᠠᠭ᠋ᠠᠴᠢ ᠵᠢᠨ ᠠᠯᠬᠤᠮ᠎ᠤᠨ ᠠᠵᠢᠯ᠎ᠳᠤ᠎ᠪᠠᠨ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠴᠢᠩᠭ᠋ᠠᠳᠬᠠᠬᠤ ᠪᠣᠯ ᠡᠷᠬᠡᠪᠰᠢ ᠬᠢᠨᠠᠮᠠᠭ᠋ᠠᠢ ᠪᠡᠶᠡᠯᠡᠭᠦᠯᠬᠦ ᠴᠢᠬᠤᠯᠠᠲᠠᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠬᠤ ᠵᠢ ᠭᠦᠨᠵᠡᠭᠡᠢ ᠲᠠᠨᠢᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠴᠢᠩᠭ᠋ᠠᠳᠬᠠᠬᠤ ᠪᠣᠯ ᠦᠢ᠍ᠯᠡᠴᠢᠯᠡᠭᠡ ᠵᠢᠨ ᠬᠡᠯᠪᠡᠷᠢ ᠵᠢᠨ ᠵᠠᠰᠠᠭ᠎ᠤᠨ ᠣᠷᠳᠣᠨ᠎ᠢ ᠪᠠᠢ᠌ᠭᠤᠯᠬᠤ ᠵᠢᠨ ᠴᠢᠬᠤᠯᠠ ᠠᠷᠭ᠎ᠠ ᠠᠪᠴᠢᠯ ᠪᠣᠯᠬᠤ ᠵᠢ ᠭᠦᠨᠵᠡᠭᠡᠢ ᠲᠠᠨᠢᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠢ ᠴᠢᠩᠭ᠋ᠠᠳᠬᠠᠬᠤ ᠪᠣᠯ ᠤᠳᠤᠷᠢᠳᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠨᠡᠩ ᠰᠠᠢ᠌ᠲᠤᠷ ᠦᠢ᠍ᠯᠡᠴᠢᠯᠡᠬᠦ ᠵᠢᠨ ᠲᠤᠯᠭ᠋ᠠᠮ᠎ᠠ ᠱᠠᠭ᠋ᠠᠷᠳᠠᠯᠭ᠎ᠠ ᠪᠣᠯᠬᠤ ᠵᠢ ᠭᠦᠨᠵᠡᠭᠡᠢ ᠲᠠᠨᠢᠬᠤ ᠬᠡᠷᠡᠭᠲᠡᠢ; ᠠᠵᠢᠯ᠎ᠤᠨ ᠠᠷᠭ᠎ᠠ ᠠᠪᠴᠢᠯ ᠵᠶ᠋ᠠᠨ ᠲᠡᠭᠦᠯᠳᠡᠷᠵᠢᠭᠦᠯᠦᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠠᠵᠢᠯ᠎ᠢ ᠲᠠᠰᠤᠷᠠᠯᠲᠠ ᠦᠭᠡᠢ ᠴᠢᠩᠭ᠋ᠠᠳᠬᠠᠨ᠂ ᠨᠡᠢ᠌ᠭᠡᠮ᠎ᠤᠨ ᠠᠩᠬᠠᠷᠤᠯ᠎ᠳᠤ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤ ᠲᠤᠰᠬᠠᠬᠤ ᠬᠡᠷᠡᠭᠲᠡᠢ; ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠥᠷᠨᠢᠭᠦᠯᠬᠦ᠎ᠳᠤ ᠬᠦᠴᠦᠨ ᠪᠦᠬᠦᠢ ᠪᠠᠲᠤᠯᠠᠭ᠎ᠠ ᠬᠠᠩᠭ᠋ᠠᠨ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠭᠦᠨ᠎ᠤ ᠤᠯᠠᠮ᠎ᠠᠴᠠ ᠠᠵᠢᠯ᠎ᠤᠨ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ ᠭᠡᠵᠡᠢ᠃
ᠲᠤᠰ ᠤᠳᠠᠭ᠋ᠠᠨ᠎ᠤ ᠪᠣᠯᠪᠠᠰᠤᠷᠠᠯ᠎ᠤᠨ ᠭᠣᠣᠯ ᠠᠭᠤᠯᠭ᠎ᠠ ᠪᠣᠯ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ᠂ 《ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》 ᠵᠢᠴᠢ 《ᠬᠡᠷᠡᠭᠵᠢᠭᠦᠯᠬᠦ ᠨᠠᠷᠢᠨ ᠳᠦᠷᠢᠮ》᠎ᠢ ᠰᠤᠷᠤᠯᠴᠠᠨ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠣᠨᠣᠯ ᠪᠠ ᠦᠢ᠍ᠯᠡᠳᠦᠯᠭᠡ ᠵᠢ ᠲᠠᠢ᠌ᠯᠪᠤᠷᠢᠯᠠᠨ ᠶᠠᠷᠢᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠪᠤᠳᠠᠯ᠎ᠢ ᠢᠯᠡ ᠪᠣᠯᠭ᠋ᠠᠬᠤ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ ᠪᠠ ᠬᠡᠷᠡᠭᠴᠡᠭᠡ ᠱᠠᠭ᠋ᠠᠷᠳᠠᠯᠭ᠎ᠠ᠎ᠳᠤ ᠰᠤᠳᠤᠯᠤᠯᠲᠠ ᠬᠢᠵᠦ᠂ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠂ ᠪᠢᠴᠢᠯ ᠪᠦᠷᠭᠡ᠂ ᠪᠢᠴᠢᠯ ᠮᠡᠳᠡᠭᠡ ᠵᠢᠴᠢ ᠤᠯᠠᠮᠵᠢᠯᠠᠯᠲᠤ ᠵᠠᠭᠤᠴᠢᠯᠠᠭᠤᠷ᠎ᠤᠨ ᠲᠠᠪᠴᠠᠩ᠎ᠤᠨ ᠪᠠᠢ᠌ᠭᠤᠯᠤᠯᠲᠠ ᠵᠢ ᠲᠠᠨᠢᠯᠴᠠᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠨᠠᠢ᠌ᠷᠠᠭᠤᠯᠤᠨ ᠮᠡᠳᠡᠭᠦᠯᠬᠦ ᠠᠷᠭ᠎ᠠ ᠬᠢᠭᠡᠳ ᠤᠷ᠎ᠠ ᠮᠡᠷᠭᠡᠵᠢᠯ ᠵᠢᠴᠢ ᠶᠡᠷᠦᠩᠬᠡᠢ᠌ᠯᠡᠭᠰᠡᠨ ᠠᠯᠪᠠᠯᠠᠬᠤ ᠲᠠᠪᠴᠠᠩ᠎ᠤᠨ ᠠᠵᠢᠯᠯᠠᠭᠤᠯᠬᠤ ᠪᠠ ᠬᠡᠷᠡᠭᠯᠡᠬᠦ ᠠᠷᠭ᠎ᠠ ᠵᠡᠷᠭᠡ ᠵᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠎ᠠᠴᠠ ᠢᠷᠡᠭᠰᠡᠨ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠬᠠᠷᠢᠭᠤᠴᠠᠭᠴᠢ᠂ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠠᠯᠪᠠᠨ ᠭᠡᠷ᠎ᠤᠨ ᠡᠷᠬᠢᠯᠡᠭᠴᠢ ᠵᠢᠴᠢ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠠᠵᠢᠯ᠎ᠢ ᠬᠠᠷᠢᠭᠤᠴᠠᠭᠴᠢ 100 ᠰᠢᠬᠠᠮ ᠠᠵᠢᠯᠲᠠᠳ ᠲᠤᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠨ ᠳᠡᠳ᠋ ᠳᠠᠷᠤᠭ᠎ᠠ ᠵᠠᠩ ᠬᠤᠢ ᠢᠦᠢ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠶᠢᠨ ᠱᠦ᠍ ᠭᠠᠩ ᠠᠩᠭᠢ ᠡᠬᠢᠯᠡᠬᠦ ᠶᠣᠰᠣᠯᠠᠯ᠎ᠢ ᠡᠷᠬᠢᠯᠡᠵᠦ ᠪᠠᠢ᠌ᠨ᠎ᠠ

ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠠᠵᠠᠷ᠎ᠤᠨ ᠳᠠᠷᠤᠭ᠎ᠠ ᠰᠢᠦᠢ ᠹᠦ᠋ ᠴᠧᠩ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠪᠠᠢ᠌ᠳᠠᠯ ᠬᠢᠭᠡᠳ ᠠᠷᠭ᠋ᠠᠴᠠᠭ᠋ᠠᠬᠤ ᠪᠣᠳᠣᠯᠭ᠎ᠠ ᠵᠢ ᠲᠠᠨᠢᠯᠴᠠᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠭᠠᠵᠠᠷ᠎ᠤᠨ ᠳᠠᠷᠤᠭ᠎ᠠ ᠵᠠᠩ ᠸᠧᠨ ᠬᠤᠢ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠳᠤ ᠲᠠᠢ᠌ᠯᠤᠮᠵᠢ ᠬᠢᠵᠦ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠤᠨ ᠳᠡᠳ᠋ ᠡᠷᠬᠢᠯᠡᠭᠴᠢ ᠭᠦᠸᠧ ᠷᠦᠢ ᠴᠢᠩ ᠪᠢᠴᠢᠯ ᠮᠡᠳᠡᠭᠡ᠂ ᠪᠢᠴᠢᠯ ᠪᠦᠷᠭᠡ ᠵᠢᠴᠢ ᠤᠯᠠᠮᠵᠢᠯᠠᠯᠲᠤ ᠵᠠᠭᠤᠴᠢᠯᠠᠭᠤᠷ᠎ᠢ ᠠᠰᠢᠭᠯᠠᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠥᠷᠨᠢᠭᠦᠯᠦᠭᠰᠡᠨ ᠪᠠᠢ᠌ᠳᠠᠯ᠎ᠢ ᠲᠠᠨᠢᠯᠴᠠᠭᠤᠯᠵᠤ ᠪᠠᠢ᠌ᠨ᠎ᠠ

ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠭᠡᠷ᠎ᠤᠨ ᠳᠡᠳ᠋ ᠪᠠᠢ᠌ᠴᠠᠭ᠋ᠠᠨ ᠰᠤᠳᠤᠯᠤᠭᠴᠢ ᠵᠢᠨ ᠢᠦᠢ ᠪᠣᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠠᠷᠭ᠎ᠠ ᠵᠢ ᠲᠠᠨᠢᠯᠴᠠᠭᠤᠯᠵᠤ ᠪᠠᠢ᠌ᠨ᠎ᠠ

ᠣᠷᠣᠯᠴᠠᠭᠴᠢᠳ ᠶᠠᠷᠢᠯᠴᠠᠨ ᠰᠣᠯᠢᠯᠴᠠᠵᠤ ᠪᠠᠢ᠌ᠨ᠎ᠠ