ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠠᠵᠢᠯ᠎ᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠤᠨ᠂ ᠪᠦᠬᠦ ᠣᠷᠣᠨ᠎ᠤ ᠬᠣᠲᠠ ᠬᠥᠳᠡᠭᠡ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢ ᠬᠠᠮᠤᠷᠤᠭᠤᠯᠬᠤ ᠵᠢ ᠪᠡᠶᠡᠯᠡᠭᠦᠯᠬᠦ ᠵᠢᠨ ᠲᠤᠰᠠᠳᠠ᠂ 2 ᠡᠳᠦᠷ᠎ᠤᠨ ᠬᠤᠭᠤᠴᠠᠭ᠎ᠠ᠎ᠲᠠᠢ ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ 11 ᠳ᠋ᠦ᠍ᠭᠡᠷ ᠰᠠᠷ᠎ᠠ ᠵᠢᠨ 27᠎ᠤ ᠡᠳᠦᠷ ᠬᠥᠬᠡᠬᠣᠲᠠ᠎ᠳᠤ ᠡᠬᠢᠯᠡᠵᠡᠢ᠃
ᠲᠤᠰ ᠤᠳᠠᠭ᠋ᠠᠨ᠎ᠤ ᠪᠣᠯᠪᠠᠰᠤᠷᠠᠯ᠎ᠨᠢ ᠣᠷᠴᠢᠨ ᠲᠣᠭᠣᠷᠢᠨ᠎ᠤ ᠳᠠᠭᠤ ᠱᠤᠤᠭᠢᠶᠠᠨ᠎ᠤ ᠬᠠᠮᠢᠶ᠎ᠠ ᠪᠦᠬᠦᠢ ᠪᠠᠷᠢᠮᠵᠢᠶ᠎ᠠ ᠵᠢᠴᠢ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠢ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠵᠢᠷᠤᠮᠵᠢᠯᠳᠤ ᠲᠠᠢ᠌ᠯᠤᠮᠵᠢ ᠬᠢᠬᠦ᠂ ᠬᠣᠲᠠ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠲᠤᠷᠰᠢᠯᠭ᠎ᠠ ᠵᠢ ᠰᠣᠯᠢᠯᠴᠠᠬᠤ᠂ ᠴᠢᠳᠠᠮᠵᠢ ᠵᠢᠨ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠠᠦ᠋ᠲ ᠵᠶ᠋ᠠᠷ ᠬᠢᠨᠠᠨ ᠬᠡᠮᠵᠢᠬᠦ᠂ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠵᠣᠬᠢᠶᠠᠬᠤ ᠱᠠᠭ᠋ᠠᠷᠳᠠᠯᠭ᠎ᠠ ᠪᠠ GIS ᠲᠣᠭ᠎ᠠ ᠪᠠᠷᠢᠮᠲᠠ ᠵᠢᠨ ᠳᠠᠭᠤᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠨ ᠠᠵᠢᠯ᠎ᠳᠠᠬᠢ ᠬᠡᠷᠡᠭᠯᠡᠯᠲᠡ ᠵᠢᠴᠢ 2019 ᠣᠨ᠎ᠤ ᠪᠦᠬᠦ ᠣᠷᠣᠨ᠎ᠤ ᠡᠯ᠎ᠡ ᠬᠣᠰᠢᠭᠤ ᠰᠢᠶᠠᠨ᠎ᠤ ᠬᠣᠲᠠ ᠬᠥᠳᠡᠭᠡ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠯᠲᠠ ᠵᠢᠴᠢ ᠴᠢᠳᠠᠮᠵᠢ ᠵᠢᠨ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠠᠦ᠋ᠲ ᠥᠷᠲᠡᠭᠡ ᠵᠢᠨ ᠪᠠᠢ᠌ᠭᠤᠯᠤᠯᠲᠠ ᠵᠢᠨ ᠠᠵᠢᠯ᠎ᠤᠨ ᠶᠠᠷᠢᠯᠴᠠᠭ᠎ᠠ ᠵᠡᠷᠭᠡ᠎ᠪᠠᠷ ᠭᠣᠣᠯ ᠠᠭᠤᠯᠭ᠎ᠠ ᠪᠣᠯᠭ᠋ᠠᠪᠠ᠃ ᠪᠦᠬᠦ ᠣᠷᠣᠨ᠎ᠤ ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠬᠣᠰᠢᠭᠤ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ 200 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃

ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢ ᠵᠢᠨ ᠣᠷᠣᠨ᠎ᠤ ᠬᠤᠪᠢᠶᠠᠷᠢᠯᠠᠨ ᠰᠠᠯᠭ᠋ᠠᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠵᠢᠨ ᠡᠬᠢᠯᠡᠬᠦ ᠶᠣᠰᠣᠯᠠᠯ

ᠪᠣᠯᠪᠠᠰᠤᠷᠠᠯ᠎ᠳᠤ ᠣᠷᠣᠯᠴᠠᠭᠰᠠᠨ ᠬᠥᠮᠥᠰ