2018 ᠣᠨ ᠪᠣᠯ ᠳ᠋ᠦᠩ ᠹᠧᠩ ᠰᠠᠨᠰᠠᠷ᠎ᠤᠨ ᠬᠣᠲᠠ ᠪᠠ ᠠᠭ᠋ᠠᠷ᠎ᠤᠨ ᠴᠡᠷᠢᠭ᠎ᠤᠨ ᠲᠤᠷᠰᠢᠨ ᠰᠤᠷᠭ᠋ᠠᠭᠤᠯᠢᠯᠠᠬᠤ ᠰᠠᠭᠤᠷᠢᠨ ᠭᠠᠵᠠᠷ᠎ᠤᠨ ᠪᠠᠢ᠌ᠭᠤᠯᠤᠭᠳᠠᠭᠰᠠᠨ 60 ᠵᠢᠯ᠎ᠤᠨ ᠣᠢ ᠪᠠᠢ᠌ᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠶ᠋ᠠᠨ ᠰᠠᠨᠰᠠᠷ᠎ᠤᠨ ᠠᠶᠠᠯᠠᠯ᠎ᠤᠨ ᠦᠢ᠍ᠯᠡᠰ᠎ᠤᠨ ᠬᠥᠭᠵᠢᠯᠲᠡ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠋ᠠᠨ᠎ᠤ ᠰᠤᠷᠤᠯᠴᠠᠭ᠎ᠠ ᠣᠢ᠌ᠯᠠᠭ᠋ᠠᠯᠲᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ ᠵᠶ᠋ᠠᠨ ᠬᠥᠮᠥᠵᠢᠭᠦᠯᠦᠨ ᠬᠥᠲᠥᠯᠵᠦ 《ᠳᠥᠷᠪᠡᠨ ᠵᠦᠢ᠍ᠯ᠎ᠤᠨ ᠦᠵᠡᠯ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭ᠋ᠠᠨ᠂ ᠬᠣᠶᠠᠷ᠎ᠢ ᠬᠠᠮᠠᠭ᠋ᠠᠯᠠᠬᠤ ᠵᠢ ᠭᠦᠢ᠍ᠴᠡᠳᠬᠡᠵᠦ᠂ ᠡᠭᠦᠷᠭᠡ ᠵᠶ᠋ᠠᠨ ᠪᠡᠶᠡᠯᠡᠭᠦᠯᠵᠦ ᠠᠳᠠᠯ ᠦᠢ᠍ᠯᠡᠰ ᠴᠣᠭᠴᠠᠯᠠᠬᠤ ᠤᠷᠮ᠎ᠠ ᠵᠣᠷᠢᠭ᠎ᠢ᠎ᠨᠢ ᠬᠥᠭᠵᠢᠭᠡᠵᠦ᠂ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯ᠎ᠤᠨ ᠪᠠᠢ᠌ᠷᠢ᠎ᠳᠤ᠎ᠪᠠᠨ ᠪᠠᠢ᠌ᠭ᠎ᠠ ᠤᠳᠤᠷᠢᠳᠤᠯᠭ᠎ᠠ ᠨᠠᠷ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠪᠦᠬᠦ ᠨᠠᠮ᠎ᠤᠨ ᠭᠡᠰᠢᠭᠦᠨ ᠺᠠᠳ᠋ᠷ ᠵᠶ᠋ᠠᠨ ᠵᠣᠬᠢᠶᠠᠨ ᠪᠠᠢ᠌ᠭᠤᠯᠵᠤ 《ᠲᠣᠣᠷᠠᠢ ᠤᠯᠢᠶᠠᠰᠤ ᠵᠢᠨ ᠰᠦᠭ ᠰᠦᠨᠡᠰᠦ᠂ ᠰᠠᠨᠰᠠᠷ᠎ᠤᠨ ᠠᠶᠠᠯᠠᠯ᠎ᠤᠨ ᠬᠠᠢ᠌ᠷ᠎ᠠ ᠰᠡᠳᠬᠢᠯᠭᠡ᠂ ᠳᠤᠮᠳᠠᠳᠤ ᠤᠯᠤᠰ᠎ᠤᠨ ᠬᠦᠰᠡᠯ ᠵᠡᠭᠦᠳᠦ》 — ᠡᠵᠡᠨ᠎ᠡ ᠬᠣᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠨᠰᠠᠷ᠎ᠤᠨ ᠠᠶᠠᠯᠠᠯ᠎ᠤᠨ ᠦᠢ᠍ᠯᠡᠰ᠎ᠢ ᠳᠡᠮᠵᠢᠭᠰᠡᠨ 60 ᠵᠢᠯ᠎ᠤᠨ ᠣᠢ ᠵᠢᠨ ᠭᠣᠣᠯ ᠰᠡᠳᠦᠪᠲᠦ ᠭᠡᠷᠡᠯ ᠵᠢᠷᠤᠭ᠎ᠤᠨ ᠦᠵᠡᠭᠦᠯᠭᠡ ᠵᠢ ᠰᠣᠨᠢᠷᠬᠠᠭᠤᠯᠵᠠᠢ᠃
ᠦᠵᠡᠭᠦᠯᠭᠡ ᠵᠢ 《ᠵᠢᠦᠢ ᠶᠠᠨ᠎ᠤ ᠠᠷᠢᠭᠤᠨ ᠣᠷᠣᠨ》᠂ 《ᠤᠯᠤᠰ᠎ᠤᠨ ᠪᠠᠢ᠌ᠯᠳᠤᠬᠤ ᠪᠣᠳᠣᠯᠭ᠎ᠠ》᠂ 《ᠤᠯᠤᠰ ᠭᠡᠷ᠎ᠤᠨ ᠬᠠᠢ᠌ᠷ᠎ᠠ ᠰᠡᠳᠬᠢᠯᠭᠡ》᠂ 《ᠲᠡᠦᠬᠡ ᠵᠢᠨ ᠬᠥᠰᠢᠶ᠎ᠡ ᠳᠤᠷᠠᠰᠬᠠᠯ》᠂ 《ᠭᠦᠢ᠍ᠬᠡᠨ ᠤᠰᠤᠨ᠎ᠤ ᠭᠦᠨᠵᠡᠭᠡᠢ ᠬᠠᠢ᠌ᠷ᠎ᠠ》᠂ 《ᠵᠣᠷᠢᠭ ᠰᠠᠨᠠᠭ᠋ᠠᠨ᠎ᠤ ᠭᠡᠷᠡᠯ ᠭᠢᠯᠪᠠᠭ᠎ᠠ》᠂ 《ᠭᠡᠷᠡᠯ ᠰᠠᠴᠤᠷᠠᠩᠭᠤᠢ ᠦᠢ᠍ᠯᠡᠰ᠎ᠢ ᠳᠠᠬᠢᠨ ᠴᠣᠭᠴᠠᠯᠠᠬᠤ》 ᠳᠣᠯᠣᠭ᠋ᠠᠨ ᠪᠦᠯᠦᠭ᠎ᠲᠤ ᠬᠤᠪᠢᠶᠠᠵᠤ᠂ ᠲᠡᠦᠬᠡ ᠵᠢᠨ ᠰᠢᠵᠢᠮ ᠵᠶ᠋ᠡᠷ ᠭᠣᠣᠯ ᠱᠤᠭᠤᠮ ᠪᠣᠯᠭ᠋ᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠬᠦ᠂ ᠴᠡᠷᠢᠭ ᠠᠷᠠᠳ ᠭᠠᠷ ᠭᠠᠷ ᠵᠶ᠋ᠠᠨ ᠬᠣᠯᠪᠣᠯᠴᠠᠬᠤ᠂ ᠬᠠᠮᠲᠤ᠎ᠪᠠᠷ ᠠᠭᠤᠤ ᠦᠢ᠍ᠯᠡᠰ᠎ᠢ ᠴᠣᠭᠴᠠᠯᠠᠬᠤ ᠭᠣᠣᠯ ᠰᠡᠳᠦᠪ᠎ᠢ ᠲᠣᠪᠣᠢ᠌ᠯᠭ᠋ᠠᠵᠤ᠂ ᠬᠣᠶᠠᠷ ᠶᠡᠬᠡ ᠰᠠᠭᠤᠷᠢᠨ ᠭᠠᠵᠠᠷ᠎ᠢ ᠵᠣᠬᠢᠶᠠᠨ ᠪᠠᠢ᠌ᠭᠤᠯᠤᠭᠰᠠᠨ 60 ᠵᠢᠯ᠎ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠭᠦᠢ᠍ᠴᠡᠳ ᠦᠵᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠂ ᠣᠨᠴᠠᠭ᠋ᠠᠢ᠌ᠯᠠᠨ ᠡᠵᠡᠨ᠎ᠡ ᠵᠢᠨ ᠠᠷᠠᠳ ᠲᠦᠮᠡᠨ᠎ᠤ ᠶᠡᠬᠡ ᠲᠠᠯ᠎ᠠ ᠵᠢ ᠪᠣᠳᠣᠯᠬᠢᠯᠠᠨ ᠬᠠᠷᠠᠭ᠋ᠠᠯᠵᠠᠬᠤ᠂ ᠬᠤᠪᠢ ᠨᠡᠮᠡᠷᠢ᠎ᠪᠠᠨ ᠭᠣᠶᠠᠴᠢ ᠦᠭᠡᠢ ᠬᠠᠨᠳᠢᠪᠯᠠᠬᠤ ᠵᠣᠷᠢᠭ ᠰᠠᠨᠠᠭ᠎ᠠ ᠵᠢ ᠲᠥᠪᠯᠡᠷᠡᠭᠦᠯᠦᠨ ᠲᠤᠰᠬᠠᠵᠤ᠂ ᠭᠡᠷ ᠣᠷᠣᠨ ᠵᠶ᠋ᠠᠨ ᠦᠷᠡᠭᠳᠡᠭᠦᠯᠦᠨ᠂ ᠤᠯᠤᠰ ᠣᠷᠣᠨ᠎ᠢ ᠪᠣᠳᠣᠯᠬᠢᠯᠠᠵᠤ᠂ ᠭᠡᠷ ᠣᠷᠣᠨ᠎ᠠᠴᠠ᠎ᠪᠠᠨ ᠨᠡᠭᠦᠨ ᠰᠢᠯᠵᠢᠵᠦ᠂ ᠪᠠᠲᠤᠯᠠᠨ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠠᠨᠰᠠᠷ᠎ᠤᠨ ᠠᠶᠠᠯᠠᠯ᠎ᠤᠨ ᠦᠢ᠍ᠯᠡᠰ᠎ᠢ ᠳᠡᠮᠵᠢᠭᠰᠡᠨ ᠤᠯᠤᠰ ᠭᠡᠷ᠎ᠤᠨ ᠬᠠᠢ᠌ᠷ᠎ᠠ ᠰᠡᠳᠬᠢᠯᠭᠡ᠎ᠨᠢ᠂ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠵᠤ᠂ ᠳᠤᠮᠳᠠᠳᠤ ᠤᠯᠤᠰ᠎ᠤᠨ ᠠᠭᠤᠤ ᠶᠡᠬᠡ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》 ᠠᠤᠭ᠎ᠠ ᠬᠦᠴᠦᠨ ᠪᠣᠯᠣᠨ ᠨᠢᠭᠲᠠᠷᠠᠵᠠᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠤᠶ᠎ᠠ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ ᠪᠠᠢ᠌ᠨ᠎ᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠧᠩ᠂ ᠳᠡᠳ᠋ ᠳᠠᠷᠤᠭ᠎ᠠ ᠬᠤᠤ ᠴᠢᠩ ᠸᠧᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠶᠠᠩ ᠸᠧᠨ ᠮᠢᠩ 《ᠲᠣᠣᠷᠠᠢ ᠤᠯᠢᠶᠠᠰᠤ ᠵᠢᠨ ᠰᠦᠭ ᠰᠦᠨᠡᠰᠦ᠂ ᠰᠠᠨᠰᠠᠷ᠎ᠤᠨ ᠠᠶᠠᠯᠠᠯ᠎ᠤᠨ ᠬᠠᠢ᠌ᠷ᠎ᠠ ᠰᠡᠳᠬᠢᠯᠭᠡ᠂ ᠳᠤᠮᠳᠠᠳᠤ ᠤᠯᠤᠰ᠎ᠤᠨ ᠬᠦᠰᠡᠯ ᠵᠡᠭᠦᠳᠦ》 — ᠡᠵᠡᠨ᠎ᠡ ᠬᠣᠰᠢᠭᠤᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠨᠰᠠᠷ᠎ᠤᠨ ᠠᠶᠠᠯᠠᠯ᠎ᠤᠨ ᠦᠢ᠍ᠯᠡᠰ᠎ᠢ ᠳᠡᠮᠵᠢᠭᠰᠡᠨ 60 ᠵᠢᠯ᠎ᠤᠨ ᠣᠢ ᠵᠢᠨ ᠭᠣᠣᠯ ᠰᠡᠳᠦᠪᠲᠦ ᠭᠡᠷᠡᠯ ᠵᠢᠷᠤᠭ᠎ᠤᠨ ᠦᠵᠡᠭᠦᠯᠭᠡ ᠵᠢ ᠰᠣᠨᠢᠷᠬᠠᠵᠤ ᠪᠠᠢ᠌ᠨ᠎ᠠ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ ᠵᠢᠨ ᠨᠠᠮ᠎ᠤᠨ ᠭᠡᠰᠢᠭᠦᠨ ᠺᠠᠳ᠋ᠷᠴᠤᠳ ᠦᠵᠡᠭᠦᠯᠭᠡ ᠰᠣᠨᠢᠷᠬᠠᠵᠤ ᠪᠠᠢ᠌ᠨ᠎ᠠ