ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2018-09-05

     8 ᠳ᠋ᠤᠭ᠋ᠠᠷ ᠰᠠᠷ᠎ᠠ ᠵᠢᠨ 27᠎ᠤ ᠡᠳᠦᠷ᠂ 《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠳᠠᠷᠬᠠᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠬᠤᠷᠠᠯᠳᠤᠪᠠ᠃
      ᠤᠯᠤᠰ᠎ᠤᠨ ᠨᠢᠭᠡᠳᠦᠭᠡᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ ᠤᠮᠠᠷᠠᠲᠤ ᠣᠷᠣᠨ᠎ᠤ ᠬᠢᠨᠠᠨ ᠪᠠᠶ᠋ᠢᠴᠠᠭ᠋ᠠᠬᠤ ᠲᠣᠪᠴᠢᠶᠠᠨ᠎ᠤ ᠳᠡᠳ᠋ ᠳᠠᠷᠤᠭ᠎ᠠ ᠷᠧᠨ ᠯᠦᠩ ᠵᠢᠶᠠᠩ 《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠳᠠᠷᠬᠠᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠪᠣᠳᠠᠲᠠᠢ ᠠᠭᠤᠯᠭ᠎ᠠ ᠪᠠ ᠱᠠᠭ᠋ᠠᠷᠳᠠᠯᠭ᠎ᠠ ᠵᠢ ᠲᠠᠨᠢᠯᠴᠠᠭᠤᠯᠤᠭᠰᠠᠨ ᠪᠥᠭᠡᠳ ᠳ᠋ᠦᠩᠨᠡᠯᠲᠡ ᠵᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠪᠠᠶ᠋ᠢᠳᠠᠯ᠎ᠢ ᠲᠠᠨᠢᠯᠴᠠᠭᠤᠯᠵᠤ᠂ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠵᠠᠶ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠵᠠᠩ ᠱᠤ᠌ ᠯᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ 《ᠨᠣᠭᠣᠭ᠋ᠠᠨ ᠪᠠᠮᠪᠠᠢ 2018》 ᠵᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠬᠠᠷᠢᠭᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠴᠢᠶᠣᠤ ᠶᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠢᠩᠬᠢᠮ᠎ᠤᠨ ᠳᠡᠳ᠋ ᠶᠡᠷᠦᠩᠬᠡᠶ ᠬᠢᠨᠠᠨ ᠪᠠᠶ᠋ᠢᠴᠠᠭ᠋ᠠᠭᠴᠢ ᠵᠤᠤ ᠹᠠᠩ ᠲᠤᠰ ᠲᠤᠰ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠳᠠᠯ᠂ ᠤᠢ ᠰᠢᠭᠤᠢ ᠵᠢ ᠡᠷᠬᠢᠯᠡᠠ ᠬᠠᠮᠢᠶᠠᠷᠬᠤ ᠵᠢᠴᠢ ᠤᠯᠤᠰ᠎ᠤᠨ ᠨᠤᠲᠤᠭ ᠳᠡᠪᠢᠰᠬᠡᠷ᠎ᠢ ᠡᠷᠬᠢᠯᠡᠨ ᠬᠠᠮᠢᠶᠠᠷᠬᠤ ᠬᠢᠭᠡᠳ ᠬᠢᠨᠠᠯᠲᠠ ᠲᠠᠯᠪᠢᠵᠤ ᠪᠠᠶ᠋ᠢᠴᠠᠭ᠋ᠠᠭᠰᠠᠨ ᠪᠠᠢ᠌ᠳᠠᠯ ᠎ᠢ ᠬᠠᠷᠢᠭᠤ ᠮᠡᠳᠡᠭᠦᠯᠵᠡᠢ᠃


     《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢᠨ ᠬᠤᠷᠠᠯ ᠬᠤᠷᠠᠯᠳᠤᠪᠠ᠃

      ᠤᠯᠤᠰ᠎ᠤᠨ ᠨᠢᠭᠡᠳᠦᠭᠡᠷ ᠲᠣᠭᠣᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠮᠠᠷᠠᠲᠤ ᠣᠷᠣᠨ᠎ᠤ ᠬᠢᠨᠠᠨ ᠪᠠᠶ᠋ᠢᠴᠠᠭ᠋ᠠᠬᠤ ᠲᠣᠪᠴᠢᠶᠠᠨ᠎ᠤ ᠳᠡᠳ᠋ ᠳᠠᠷᠤᠭ᠎ᠠ ᠷᠧᠨ ᠯᠦᠩ ᠵᠢᠶᠠᠩ 《ᠨᠣᠭᠣᠭ᠋ᠠᠨ ᠪᠠᠮᠪᠠᠢ 2018》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ ᠵᠢᠨ ᠪᠣᠳᠠᠲᠠᠢ ᠠᠭᠤᠯᠭ᠎ᠠ ᠪᠠ ᠱᠠᠭ᠋ᠠᠷᠳᠠᠯᠭ᠎ᠠ ᠵᠢ ᠲᠠᠨᠢᠯᠴᠠᠭᠤᠯᠤᠭᠰᠠᠨ ᠪᠥᠭᠡᠳ ᠳ᠋ᠦᠩᠨᠡᠯᠲᠡ ᠵᠢᠨ ᠶᠠᠷᠢᠶ᠎ᠠ ᠲᠠᠯᠪᠢᠵᠠᠶ

      ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠰᠦᠨ ᠯᠢ ᠵᠢᠶᠠᠨ ᠪᠠᠶ᠋ᠢᠳᠠᠯ᠎ᠢ   ᠲᠠᠨᠢᠯᠴᠠᠭᠤᠯᠤᠨ᠂ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠵᠠᠢ

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠳᠡᠳ᠋ ᠲᠣᠭᠣᠷᠢᠨ ᠪᠠᠶ᠋ᠢᠴᠠᠭ᠋ᠠᠭᠴᠢ ᠵᠠᠩ ᠱᠤ᠌ ᠯᠢ ᠪᠦᠬᠦ ᠣᠷᠣᠨ᠎ᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ 《ᠨᠣᠭᠣᠭ᠋ᠠᠨ ᠪᠠᠮᠪᠠᠢ 2018》 ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠲᠣᠭᠣᠷᠢᠨ ᠪᠠᠶ᠋ᠢᠴᠠᠭ᠋ᠠᠬᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠬᠠᠷᠢᠭᠤ ᠮᠡᠳᠡᠭᠦᠯᠵᠡᠢ






ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠨᠢᠭᠤᠴᠠ ᠵᠢ ᠬᠠᠮᠠᠭ᠋ᠠᠯᠠᠬᠤ ᠵᠥᠪᠯᠡᠯ᠎ᠤᠨ 2018 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ ᠬᠤᠷᠠᠯᠳᠤᠪᠠ
ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠥᠵᠢᠯ᠎ᠤᠨ ᠬᠤᠷᠠᠯ᠎ᠢ ᠬᠤᠷᠠᠯᠳᠤᠭᠤᠯᠪᠠ
ᠪᠦᠬᠦ ᠣᠷᠣᠨ᠎ᠤ ᠣᠷᠴᠢᠨ ᠲᠣᠭᠣᠷᠢᠨ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠨᠢᠷᠤᠭᠤᠪᠴᠢ ᠬᠦᠴᠦᠨ᠎ᠤ ᠪᠣᠯᠪᠠᠰᠤᠷᠠᠯ᠎ᠤᠨ ᠠᠩᠭᠢ ᠪᠤᠭᠤᠲᠤ ᠬᠣᠲᠠᠨ᠎ᠳᠤ ᠶᠠᠪᠤᠭᠳᠠᠪᠠ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠭᠣᠣᠯ ᠰᠡᠳᠦᠪᠲᠦ ᠤᠬᠠᠭᠤᠯᠭ᠎ᠠ ᠵᠢᠨ ᠬᠥᠳᠡᠯᠭᠡᠭᠡᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠰᠠᠯᠪᠤᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
 
             蒙ICP备05000248号