ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠵᠢᠷᠤᠬᠲᠦ᠍ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠨᠢᠭᠤᠴᠠ ᠵᠢ ᠬᠠᠮᠠᠭ᠋ᠠᠯᠠᠬᠤ ᠵᠥᠪᠯᠡᠯ᠎ᠤᠨ 2018 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2018-09-07

     8 ᠳ᠋ᠤᠭ᠋ᠠᠷ ᠰᠠᠷ᠎ᠠ ᠵᠢᠨ 29 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠨᠢᠭᠤᠴᠠ ᠵᠢ ᠬᠠᠮᠠᠭ᠋ᠠᠯᠠᠬᠤ ᠵᠥᠪᠯᠡᠯ᠎ᠤᠨ 2018 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ᠎ᠢ ᠬᠤᠷᠠᠯᠳᠤᠪᠠ᠃ ᠬᠤᠷᠠᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠤᠴᠠ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠤᠯᠠᠮᠵᠢᠯᠠᠨ ᠰᠤᠷᠤᠯᠴᠠᠬᠤ ᠵᠢᠨ ᠬᠠᠮᠲᠤ ᠨᠢᠭᠤᠴᠠ ᠵᠢ ᠵᠠᠳᠠᠷᠠᠭᠤᠯᠤᠭᠰᠠᠨ᠂ ᠨᠢᠭᠤᠴᠠ ᠵᠢ ᠬᠤᠯᠠᠭ᠋ᠠᠢ᠌ᠯᠠᠭᠰᠠᠨ ᠬᠡᠷᠡᠭ᠎ᠤᠨ ᠪᠠᠢ᠌ᠳᠠᠯ᠎ᠤᠨ ᠲᠤᠬᠠᠢ ᠵᠠᠷ᠎ᠢ ᠵᠣᠬᠢᠶᠠᠨ ᠪᠠᠢ᠌ᠭᠤᠯᠵᠤ ᠰᠤᠷᠤᠯᠴᠠᠪᠠ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠾᠤᠶ᠋ᠢ ᠢᠦ᠋ᠢ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ᠎ᠨᠢ᠂ ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠤᠯᠤᠰ ᠲᠦᠷᠦ ᠵᠢᠨ ᠬᠠᠷᠢᠭᠤᠴᠠᠯᠭ᠋ᠠᠲᠤ ᠰᠡᠳᠬᠢᠯᠭᠡ ᠵᠢ ᠦᠨᠡᠨ ᠬᠦ᠌ ᠴᠢᠩᠭ᠋ᠠᠳᠬᠠᠨ᠎ᠠ᠃ ᠪᠦᠬᠦ ᠬᠦᠴᠦᠨ ᠵᠶ᠋ᠡᠷ ᠭᠣᠣᠯᠳᠠᠯᠭ᠎ᠠ᠎ᠲᠠᠢ ᠬᠡᠰᠡᠭ᠎ᠢ ᠰᠠᠶ᠋ᠢᠲᠤᠷ ᠠᠳᠬᠤᠵᠤ᠂ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠠᠷᠢᠭᠤᠴᠠᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠵᠤ᠂ ᠨᠢᠭᠤᠴᠠ ᠵᠢ ᠬᠠᠮᠠᠭ᠋ᠠᠯᠠᠬᠤ ᠠᠵᠢᠯ᠎ᠤᠨ ᠳᠦᠷᠢᠮᠵᠢᠭᠦᠯᠦᠯᠲᠡ ᠵᠢᠨ ᠪᠦᠲᠦᠭᠡᠨ ᠪᠠᠶ᠋ᠢᠭᠤᠯᠤᠯᠲᠠ ᠵᠢ ᠦᠨᠡᠨ ᠬᠦ᠌ ᠲᠦᠯᠬᠢᠨ ᠠᠬᠢᠭᠤᠯᠤᠨ᠎ᠠ᠃ ᠳᠠᠷᠠᠭ᠎ᠠ ᠠᠯᠬᠤᠮ᠎ᠤᠨ ᠠᠵᠢᠯ᠎ᠳᠤ᠂ ᠨᠢᠭᠤᠴᠠ ᠵᠢ ᠬᠠᠮᠠᠭ᠋ᠠᠯᠠᠬᠤ ᠮᠡᠳᠡᠯᠭᠡ ᠵᠢ ᠰᠤᠷᠤᠯᠴᠠᠭᠤᠯᠤᠨ ᠪᠣᠯᠪᠠᠰᠤᠷᠠᠭᠤᠯᠬᠤ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠢᠭᠤᠴᠠ ᠵᠢ ᠬᠠᠮᠠᠭ᠋ᠠᠯᠠᠬᠤ ᠠᠯᠪᠠᠨ ᠬᠡᠷ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠦᠨᠡᠯᠡᠬᠦ ᠠᠵᠢᠯ᠎ᠢ ᠰᠠᠶ᠋ᠢᠲᠤᠷ ᠥᠷᠨᠢᠭᠦᠯᠬᠦ ᠬᠡᠷᠡᠭᠲᠡᠶ᠂ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠎ᠢ ᠰᠠᠶ᠋ᠢᠲᠤᠷ ᠲᠡᠭᠦᠯᠳᠡᠷᠵᠢᠭᠦᠯᠵᠦ᠂ ᠡᠯ᠎ᠡ ᠰᠠᠯᠠᠭ᠎ᠠ ᠲᠠᠰᠤᠭ᠂ ᠡᠯ᠎ᠡ ᠬᠠᠷᠢᠶ᠎ᠠ ᠪᠠᠶ᠋ᠢᠭᠤᠯᠤᠯᠭ᠎ᠠ ᠨᠢᠭᠡᠴᠡ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠢᠯᠠᠩᠭᠤᠶ᠎ᠠ ᠨᠢᠭᠤᠴᠠ᠎ᠳᠤ ᠬᠣᠯᠪᠣᠭᠳᠠᠬᠤ ᠲᠣᠣᠷ ᠰᠦᠯᠵᠢᠶ᠎ᠡ᠂ ᠨᠢᠭᠤᠴᠠ᠎ᠳᠤ ᠬᠣᠯᠪᠣᠭᠳᠠᠬᠤ ᠬᠥᠮᠦᠨ᠂ ᠨᠢᠭᠤᠴᠠ ᠲᠡᠰ ᠲᠣᠭᠲᠠᠭ᠋ᠠᠬᠤ ᠵᠡᠷᠭᠡ ᠴᠢᠬᠤᠯᠠ ᠣᠷᠣᠨ ᠪᠠᠶ᠋ᠢᠷᠢ᠂ ᠴᠢᠬᠤᠯᠠ ᠵᠠᠩᠭᠢᠯᠠᠭ᠎ᠠ ᠳᠡᠭᠡᠷ᠎ᠡ ᠬᠠᠮᠢᠶᠠᠷᠤᠯᠲᠠ ᠵᠢ ᠴᠢᠩᠭ᠋ᠠᠳᠬᠠᠵᠤ᠂ ᠬᠠᠷᠢᠴᠠᠯᠠᠰᠢ ᠦᠭᠡᠢ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠠᠵᠢᠯ᠎ᠢ ᠦᠨᠡᠨ ᠬᠦ᠌ ᠪᠠᠲᠤᠯᠠᠬᠤ ᠬᠡᠷᠡᠭᠲᠡᠶ᠂ ᠡᠯ᠎ᠡ ᠵᠦᠢ᠍ᠯ᠎ᠤᠨ ᠠᠵᠢᠯ᠎ᠢ ᠣᠷᠬᠢᠭᠳᠠᠯ ᠦᠭᠡᠢ ᠪᠡᠶᠡᠯᠡᠭᠦᠯᠵᠦ᠂ ᠣᠭᠲᠣᠬᠠᠨ ᠴᠦ᠍ ᠠᠯᠳᠠᠭ᠎ᠠ ᠭᠠᠷᠭ᠋ᠠᠵᠤ ᠪᠣᠯᠬᠤ ᠦᠭᠡᠢ ᠭᠡᠵᠡᠢ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠢᠭᠤᠴᠠ ᠵᠢ ᠬᠠᠮᠠᠭ᠋ᠠᠯᠠᠬᠤ ᠵᠥᠪᠯᠡᠯ᠎ᠤᠨ ᠪᠠ ᠡᠯ᠎ᠡ ᠰᠠᠯᠠᠭ᠎ᠠ ᠲᠠᠰᠤᠭ᠂ ᠨᠢᠭᠡᠴᠢ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠵᠠᠢ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠢᠭᠤᠴᠠ ᠵᠢ ᠬᠠᠮᠠᠭ᠋ᠠᠯᠠᠬᠤ ᠺᠣᠮᠢᠰ ᠵᠢᠴᠢ ᠨᠢᠭᠤᠴᠠ ᠵᠢ ᠬᠠᠮᠠᠭ᠋ᠠᠯᠠᠬᠤ ᠠᠵᠢᠯ᠎ᠤᠨ ᠠᠯᠪᠠᠨ ᠬᠡᠷ᠎ᠤᠨ ᠪᠦᠬᠦ ᠬᠥᠮᠥᠰ᠂ ᠲᠢᠩᠬᠢᠮ᠎ᠤᠨ ᠨᠢᠭᠤᠴᠠ᠎ᠳᠤ ᠬᠣᠯᠪᠣᠭᠳᠠᠬᠤ ᠬᠥᠮᠦᠨ᠂ ᠬᠠᠷᠢᠶ᠎ᠠ ᠪᠦᠬᠦᠢ ᠠᠵᠢᠯ ᠦᠢ᠍ᠯᠡᠰ᠎ᠤᠨ ᠨᠢᠭᠡᠴᠡ ᠵᠢᠨ ᠬᠠᠷᠢᠭᠤᠴᠠᠯᠭ᠋ᠠᠲᠠᠨ ᠵᠢᠴᠢ ᠨᠢᠭᠤᠴᠠ ᠵᠢ ᠬᠠᠮᠠᠭ᠋ᠠᠯᠠᠬᠤ ᠪᠠᠶ᠋ᠢᠭᠤᠯᠤᠮᠵᠢ ᠵᠢᠨ ᠪᠦᠷᠢᠯᠳᠦᠬᠦᠨ ᠬᠤᠷᠠᠯ᠎ᠳᠤ ᠣᠷᠣᠯᠴᠠᠪᠠ᠃

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠨᠢᠭᠤᠴᠠ ᠵᠢ ᠬᠠᠮᠠᠭ᠋ᠠᠯᠠᠬᠤ ᠵᠥᠪᠯᠡᠯ᠎ᠤᠨ 2018 ᠣᠨ᠎ᠤ ᠠᠩᠬᠠᠳᠤᠭ᠋ᠠᠷ ᠤᠳᠠᠭ᠎ᠠ ᠵᠢᠨ ᠪᠥᠬᠥᠳᠡ ᠬᠤᠷᠠᠯ ᠬᠤᠷᠠᠯᠳᠤᠪᠠ

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠾᠤᠶ᠋ᠢ ᠢᠦ᠋ᠢ ᠶᠠᠷᠢᠶ᠎ᠠ ᠲᠠᠯᠪᠢᠪᠠ

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠶᠢᠨ ᠱᠤ᠌ ᠭᠠᠩ ᠬᠤᠷᠠᠯ ᠡᠷᠭᠢᠯᠡᠪᠡ

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠯᠪᠠᠨ ᠭᠡᠷ᠎ᠤᠨ ᠳᠡᠳ᠋ ᠪᠠᠶ᠋ᠢᠴᠠᠭ᠋ᠠᠨ ᠰᠤᠳᠤᠯᠤᠭᠴᠢ ᠵᠢᠨ ᠢᠦ᠋ᠶ ᠪᠣᠣ ᠬᠤᠷᠠᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠤᠴᠠ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠬᠡᠷᠡᠭᠵᠢᠭᠦᠯᠬᠦ ᠰᠠᠨᠠᠯ》 ᠪᠣᠯᠤᠨ ᠨᠢᠭᠤᠴᠠ ᠵᠢ ᠵᠠᠳᠠᠷᠠᠭᠤᠯᠤᠭᠰᠠᠨ ᠨᠢᠭᠤᠴᠠ ᠵᠢ ᠬᠤᠯᠠᠭ᠋ᠠᠢ᠌ᠯᠠᠭᠰᠠᠨ ᠬᠡᠷᠡᠭ᠎ᠤᠨ ᠪᠠᠢ᠌ᠳᠠᠯ᠎ᠤᠨ ᠮᠡᠳᠡᠭᠳᠡᠯ᠎ᠢ ᠤᠯᠠᠮᠵᠢᠯᠠᠪᠠ᠃




ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠥᠵᠢᠯ᠎ᠤᠨ ᠬᠤᠷᠠᠯ᠎ᠢ ᠬᠤᠷᠠᠯᠳᠤᠭᠤᠯᠪᠠ
ᠪᠦᠬᠦ ᠣᠷᠣᠨ᠎ᠤ ᠣᠷᠴᠢᠨ ᠲᠣᠭᠣᠷᠢᠨ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠨᠢᠷᠤᠭᠤᠪᠴᠢ ᠬᠦᠴᠦᠨ᠎ᠤ ᠪᠣᠯᠪᠠᠰᠤᠷᠠᠯ᠎ᠤᠨ ᠠᠩᠭᠢ ᠪᠤᠭᠤᠲᠤ ᠬᠣᠲᠠᠨ᠎ᠳᠤ ᠶᠠᠪᠤᠭᠳᠠᠪᠠ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠭᠣᠣᠯ ᠰᠡᠳᠦᠪᠲᠦ ᠤᠬᠠᠭᠤᠯᠭ᠎ᠠ ᠵᠢᠨ ᠬᠥᠳᠡᠯᠭᠡᠭᠡᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠰᠠᠯᠪᠤᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠢᠩᠬᠢᠨᠢ᠎ᠪᠠᠷ ᠫᠠᠢ᠌ᠰᠠ᠎ᠪᠠᠨ ᠡᠯᠭᠦᠪᠡ
 
             蒙ICP备05000248号